ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠵᠦᠢᠯ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠬᠦᠴᠦᠨ ᠨᠡᠮᠡᠷᠢᠯᠡᠪᠠ
ᠨᠡᠶᠢᠲᠡᠯᠡᠭᠰᠡᠨ ᠴᠠᠭ᠄
2024/2/8
     ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠳᠡᠪᠬᠢᠲᠡᠶ ᠪᠤᠶ ᠪᠤᠯᠭᠠᠵᠤ᠂ ᠰᠢᠨ᠎ᠡ ᠰᠡᠪᠡᠭᠦᠨ ᠡᠭᠦᠳᠦᠯᠲᠡ ᠲᠠᠢ᠂ ᠪᠠᠶᠠᠯᠢᠭ ᠠᠭᠤᠯᠭ᠎ᠠ ᠲᠠᠢ᠂ ᠤᠯᠠᠨ ᠬᠡᠯᠪᠡᠷᠢ ᠲᠠᠢ᠂ ᠤᠯᠠᠨ ᠲᠦᠮᠡᠨ ᠲᠠᠢ ᠤᠢᠢᠷᠠᠳᠤᠭᠰᠠᠨ ᠠᠯᠢ ᠤᠯᠠᠨ ᠵᠠᠩ ᠦᠢᠯᠡ ᠶᠢᠨ ᠰᠣᠶᠣᠯ᠂ ᠦᠵᠡᠭᠦᠯᠦᠯᠭᠡ ᠪᠠ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠬᠦ ᠶᠢᠨ ᠲᠦᠯᠦᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠤᠯᠠᠭᠠᠨᠮᠥ᠋ᠴᠢᠷ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠬᠠᠮᠲᠤᠷᠠᠨ ︽ᠪᠠᠳᠠᠷᠠᠯᠲᠤ ᠴᠠᠭ ᠦᠶ᠎ᠡ ᠳᠤ ᠤᠮᠠᠷᠠᠲᠤ ᠬᠢᠯᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠯᠠᠪᠯᠠᠯᠭ᠎ᠠ ᠶᠢᠨ ᠴᠡᠭ ᠭᠠᠷᠭᠠᠬᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠤ ᠭᠠᠯ ᠤᠨᠲᠠᠷᠠᠭᠠᠬᠤ ᠦᠵᠡᠯ ᠤᠬᠠᠮᠰᠠᠷ ᠵᠢᠴᠢ ᠭᠠᠯ ᠤᠨᠲᠠᠷᠠᠭᠠᠬᠤ ᠮᠡᠳᠡᠯᠭᠡ ᠶᠢᠨ ᠨᠥᠭᠡᠴᠡ ᠶᠢ ᠨᠡᠮᠡᠭᠳᠡᠭᠦᠯᠪᠡ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠷᠢᠶᠠᠯᠠᠯ ᠳᠤ ᠭᠦᠨᠵᠡᠭᠡᠶᠢᠷᠡᠨ ᠣᠷᠣᠨ ᠰᠠᠭᠤᠴᠠ ᠶᠢᠨ ᠬᠤᠷᠢᠶᠠᠯᠠᠯ ᠤᠨ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ᠂ ᠲᠠᠷᠬᠠᠭᠠᠬᠤ ᠵᠢᠭᠠᠯᠲᠠ ᠲᠡᠮᠳᠡᠭ ᠡᠪᠳᠡᠷᠡᠵᠦ ᠬᠦᠴᠦᠨ ᠥᠬᠡᠶ ᠪᠤᠯᠤᠭᠰᠠᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠡᠷ ᠲᠤ ᠪᠠᠨ ᠣᠷᠣᠭᠤᠯᠵᠤ ᠴᠠᠬᠢᠯᠭᠠᠨ ᠴᠡᠨᠡᠭᠯᠡᠬᠦ ᠵᠡᠷᠭᠡ ᠠᠰᠠᠭᠤᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ ᠣᠶᠢᠷ᠎ᠠ ᠶᠢᠨ ᠵᠢᠯ ᠤᠨ ᠨᠡᠶᠢᠲᠡᠯᠢᠭ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠲᠦᠮᠡᠨ ᠳᠤ ᠭᠠᠯ ᠤᠨ ᠭᠠᠮᠰᠢᠭ ᠤᠨ ᠳᠠᠯᠳᠠ ᠬᠡᠮ ᠢ ᠬᠡᠷᠬᠢᠨ ᠪᠠᠶᠢᠴᠠᠭᠠᠬᠤ᠂ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠤᠨᠲᠠᠷᠠᠭᠠᠬᠤ᠂ ᠲᠠᠷᠬᠠᠭᠠᠵᠤ ᠥᠪᠡᠷ ᠢ ᠪᠠᠨ ᠠᠪᠤᠷᠠᠵᠤ ᠠᠮᠢ ᠵᠢᠭᠤᠲᠠᠬᠤ ᠵᠡᠷᠭᠡ ᠰᠠᠭᠤᠷᠢ ᠮᠡᠳᠡᠯᠭᠡ ᠶᠢ ᠨᠢᠭᠤᠷᠲᠠᠨ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠢᠬᠦᠷ ᠪᠠᠷᠢᠵᠤ ᠥᠭᠪᠡ᠃
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠬᠤᠨ᠂ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠣᠶᠢᠯᠠᠭᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠳᠬᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠣᠯᠪᠠᠰᠤᠨ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠬᠢᠵᠢᠭᠦᠯᠦᠨ᠎ᠡ᠃
             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号