ᠲᠣᠭᠤᠷᠢᠭ ᠤᠨ ᠲᠠᠰ ᠤᠨ ᠭᠤᠤᠯ ᠤᠨ ᠳᠠᠷᠤᠭ᠎ᠠ ᠳᠤ ᠲᠣᠬᠢᠷᠠᠭᠤᠯᠤᠯᠲᠠ ᠬᠢᠬᠦ ᠲᠤᠬᠠᠶ ᠢᠦᠶ ᠴᠢᠤᠸᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠵᠠᠷᠯᠠᠯ
ᠨᠡᠶᠢᠲᠡᠯᠡᠭᠰᠡᠨ ᠴᠠᠭ᠄
2024/2/8
     ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠤᠷ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ 4 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠠᠯᠪᠠᠨ ᠬᠡᠷ ᠣᠶᠢᠷ᠎ᠠ ᠶᠢᠨ ᠬᠤᠭᠤᠴᠠᠭᠠᠨ ᠤ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠠᠮᠢᠶ᠎ᠠ ᠪᠥᠬᠦᠶ ᠲᠤᠭᠤᠷᠢᠭ ᠤᠨ ᠲᠠᠰ ᠤᠨ ᠭᠤᠤᠯ ᠨᠠᠭᠤᠷ ᠤᠨ ᠳᠠᠷᠤᠭ᠎ᠠ ᠳᠤ ᠲᠣᠬᠢᠷᠠᠭᠤᠯᠤᠯᠲᠠ ᠬᠢᠪᠠ᠃ ᠪᠣᠳᠠᠲᠠᠶ ᠲᠣᠬᠢᠷᠠᠭᠤᠯᠤᠯᠲᠠ ᠨᠢ ᠳᠣᠤᠷᠠᠬᠢ ᠮᠡᠲᠦ᠄ ᠯᠢᠦ ᠵᠢᠶ ᠶᠤᠸᠠᠨ ᠨᠥᠬᠦᠷ ᠢᠦᠶ ᠴᠢᠤᠸᠠᠨ ᠲᠣᠭᠤᠷᠢᠭ ᠤᠨ ᠳᠡᠳ᠋ ᠶᠡᠷᠦᠩᠬᠡᠶ ᠭᠤᠤᠯ ᠨᠠᠭᠤᠷ ᠤᠨ ᠳᠠᠷᠤᠭ᠎ᠠ᠂ ᠶᠡᠭᠡ ᠲᠦᠷᠭᠡᠨ ᠭᠤᠤᠯ ᠤᠨ ᠭᠤᠤᠯ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠢᠦᠶ ᠴᠢᠤᠸᠠᠨ ᠲᠣᠭᠤᠷᠢᠭ ᠤᠨ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠸᠠᠩ ᠳ᠋ᠧᠩ ᠯᠦᠩ ᠨᠥᠬᠦᠷ ᠵᠠᠳᠠᠭᠠᠢ ᠭᠤᠣᠯ ᠤᠨ ᠭᠤᠤᠯ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠪᠤᠰᠤᠳ ᠲᠤᠭᠤᠷᠢᠭ ᠤᠨ ᠳᠡᠰ ᠤᠨ ᠭᠤᠣᠯ ᠨᠠᠭᠤᠷ ᠤᠨ ᠳᠠᠷᠤᠭ᠎ᠠ ᠨᠢ ᠬᠤᠪᠢᠷᠠᠬᠤ ᠦᠭᠡᠶ᠃      ᠢᠦᠢ ᠴᠢᠤᠸᠠᠨ ᠲᠣᠭᠤᠷᠢᠭ ᠤᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ                   2024 ᠣᠨ ᠤ 2 ᠳ᠋ᠤᠭᠠᠷ ᠰᠠᠷ᠎ᠠ ᠶᠢᠨ 6 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号