ᠰᠤᠷᠭᠠᠨ ᠬᠥᠮᠦᠵᠢᠯ ᠤᠨ ᠶᠠᠮᠤᠨ᠄ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾ ᠪᠠᠶᠢᠬᠤ ᠶᠠᠪᠤᠳᠠᠯ ᠢ ᠴᠢᠩᠭ᠎ᠠ ᠬᠤᠷᠢᠬᠯᠠᠬᠤ ᠭᠡᠷᠡᠭᠳᠡᠢ ᠭᠡᠵᠦ ᠮᠡᠳᠡᠭᠳᠡᠯ ᠪᠠᠭᠤᠯᠭᠠᠪᠠ︕
ᠨᠡᠶᠢᠲᠡᠯᠡᠭᠰᠡᠨ ᠴᠠᠭ᠄
2024/2/8
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2024 ᠣᠨ ᠤ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠪᠠᠭᠤᠯᠭᠠᠵᠤ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠠᠵᠢᠯ ᠣᠯᠭᠤᠬᠤ ᠨᠥᠬᠦᠴᠡᠯ ᠳᠤ ᠨᠡᠶᠢᠴᠡᠬᠦ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠵᠤ᠂ ᠪᠦᠬᠦᠳᠡ ᠶᠢ ᠰᠤᠷᠭᠠᠭᠤᠯᠢ ᠳᠤ ᠪᠠᠭᠰᠢᠯᠠᠭᠤᠯᠵᠤ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾ ᠪᠠᠶᠢᠬᠤ ᠶᠠᠪᠤᠳᠠᠯ ᠢ ᠴᠢᠩᠭ᠎ᠠ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃ ᠤᠯᠠᠨ ᠢᠶᠠᠷ ᠢᠶᠠᠨ ᠪᠣᠳᠠᠲᠠᠶ ᠱᠠᠭᠠᠷᠳᠠᠯᠭ᠎ᠠ ᠶᠢ ᠦᠵᠡᠵᠡᠭᠡᠶ᠎ᠡ᠃            ᠨᠢᠭᠡ᠂ ᠠᠵᠢᠯ ᠣᠯᠭᠤᠬᠤ ᠬᠥᠮᠦᠵᠢᠯ ᠢ ᠴᠢᠩᠭᠠᠳᠬᠠᠬᠤ ᠬᠡᠷᠡᠭᠲᠡᠢ᠃            ᠬᠤᠶᠠᠷ᠂ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ᠃              ᠭᠤᠷᠪᠠ᠂ ᠪᠦᠬᠦᠳᠡ ᠶᠢ ᠠᠵᠢᠯ ᠤᠨ ᠪᠠᠶᠢᠷᠢ ᠲᠠᠢ ᠪᠤᠯᠭᠠᠬᠤ ᠬᠡᠷᠡᠭᠲᠡᠶ᠃            ᠳᠥᠷᠪᠡ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠲᠠᠭᠯᠠᠨ ᠮᠡᠳᠡᠭᠦᠯᠬᠦ ᠬᠡᠷᠡᠭᠲᠡᠶ᠃      ᠲᠠᠪᠤ᠂ ᠮᠤᠵᠢ ᠠᠯᠤᠰᠯᠠᠨ ᠪᠠᠭᠰᠢᠯᠠᠬᠤ ᠶᠢ ᠵᠢᠷᠤᠮᠵᠢᠭᠤᠯᠬᠤ ᠬᠡᠷᠡᠭᠲᠡᠢ᠃            ᠵᠢᠷᠭᠤᠭ᠎ᠠ᠂ ᠭᠡᠷ᠎ᠡ ᠬᠦᠢᠴᠡᠳᠬᠡᠬᠦ ᠬᠠᠮᠢᠶᠠᠷᠤᠯᠲᠠ ᠶᠢ ᠴᠢᠩᠳᠠᠯᠠᠬᠤ ᠬᠡᠷᠡᠭᠳᠡᠢ᠃            ᠳᠣᠯᠤᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号