ᠢᠦᠶ ᠴᠢᠤᠸᠠᠨ ᠲᠣᠭᠤᠷᠢᠭ ᠤᠨ ᠬᠢᠨ ᠥᠨᠳᠥᠷ ᠳᠠᠪᠬᠤᠷᠭᠠᠲᠤ ᠪᠠᠷᠢᠯᠭ᠎ᠠ ᠶᠢᠨ ᠠᠳᠠᠯ ᠠᠬᠤᠢ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠰᠡᠷᠡᠮᠵᠢᠯᠡᠭᠦᠯᠦᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
     ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨ ᠭᠠᠮᠰᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 27 ᠤ ᠡᠳᠦᠷ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠤᠨ ᠬᠠᠷᠢᠭᠤᠴᠠᠯᠭᠠᠲᠠᠨ᠂ ᠬᠠᠮᠢᠶᠠᠷᠤᠭᠴᠢ ᠶᠢ ᠵᠣᠬᠢᠶᠠᠨ ᠪᠠᠶᠢᠭᠤᠯᠵᠤ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ᠃
     ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠲᠤ ᠨᠡᠯᠢᠶᠡᠳ ᠶᠡᠭᠡ ᠨᠥᠯᠥᠭᠡ ᠭᠠᠷᠤᠭᠰᠠᠨ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠣᠳᠣᠬᠢ ᠪᠠᠶᠢᠳᠠᠯ ᠢ ᠪᠥᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠭᠠᠳ᠂ ᠥᠨᠳᠥᠷ ᠳᠠᠪᠬᠤᠷᠭᠠᠲᠤ ᠪᠠᠷᠢᠯᠭ᠎ᠠ ᠳᠤ ᠲᠤᠯᠭᠠᠷᠠᠵᠤ ᠪᠠᠶᠢᠭ᠎ᠠ ᠭᠠᠯ ᠤᠨ ᠭᠠᠮᠰᠢᠭ ᠤᠨ ᠲᠦᠭᠰᠢᠭᠦᠷᠢ ᠪᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠵᠢᠭᠠᠵᠤ ᠭᠠᠷᠭᠠᠬᠤ ᠶᠢᠨ ᠬᠠᠮᠲᠤ ︽ᠠᠷᠠᠳ ᠤᠨ ᠬᠡᠷᠡᠭᠯᠡᠭᠡᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠶᠢᠰᠦᠨ ᠵᠦᠢᠯ ᠤᠨ ᠪᠠᠶᠢᠴᠠᠭᠠᠯᠲᠠ ᠶᠢᠨ ᠠᠭᠤᠯᠭ᠎ᠠ᠂ ᠲᠤᠯᠤᠭᠠᠨ ᠵᠦᠢᠯ ᠤᠨ ᠪᠣᠳᠠᠲᠠᠶ ᠲᠣᠷᠭᠠᠭᠤᠯᠢ ᠶᠢᠨ ᠲᠦᠷᠢᠮ ᠲᠠᠢ ᠤᠶᠠᠯᠳᠤᠭᠤᠯᠤᠨ ᠲᠠᠶᠢᠯᠤᠮᠵᠢ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠶᠢ ᠭᠤᠤᠯᠳᠠᠯᠭ᠎ᠠ ᠲᠠᠢ ᠴᠢᠬᠤᠯᠠᠴᠢᠯᠠᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠲᠤ ᠭᠠᠷᠤᠭᠰᠠᠨ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠳᠠᠯ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡᠴᠢ᠂ ᠥᠮᠴᠢᠲᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠭᠠᠯ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠦᠨ᠂ ︽ᠭᠠᠯ ᠤᠨ ᠭᠠᠮᠰᠢᠭ ᠤᠨ ᠠᠳᠡᠯ ᠭᠠᠷᠬᠤ ᠥᠭᠡᠢ︾ ᠪᠠᠷ ᠬᠠᠷᠠᠯᠲᠠ ᠪᠣᠯᠭᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠥᠬᠦᠷᠡᠰᠢ ᠥᠭᠡᠢ ᠰᠠᠶᠢᠲᠤᠷ ᠠᠳᠬᠤᠵᠤ᠂ ︽ᠪᠠᠭ᠎ᠠ ᠭᠠᠯ ᠳᠤ ᠬᠥᠮᠦᠨ ᠥᠬᠦᠬᠦ︾ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      ᠬᠤᠶᠠᠷ ᠲᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠬᠤ ᠬᠡᠷᠡᠭᠲᠡᠶ᠃ ᠠᠳᠠᠯ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠠᠵᠢᠯ ᠤᠨ ᠪᠠᠶᠢᠷᠢ ᠳᠠᠷᠠᠭᠠᠯᠠᠨ ᠲᠣᠳᠣᠷᠬᠠᠶᠢᠯᠠᠵᠤ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠯᠠᠬᠤ ᠲᠦᠷᠢᠮ ᠢ ᠨᠠᠷᠢᠯᠢᠬᠵᠢᠭᠤᠯᠤᠨ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠴᠠᠭ ᠲᠤᠬᠠᠶ ᠳᠤᠨᠢ ᠳᠣᠭᠢᠷᠠᠭᠤᠯᠬᠤ ᠪᠠ ᠬᠠᠮᠠᠭᠠᠯᠠᠵᠤ᠂ ᠭᠠᠯ ᠰᠡᠷᠭᠡᠶᠢᠯᠡᠬᠦ ᠶᠢᠨ ᠲᠣᠭᠤᠷᠢᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠪᠠ ᠭᠠᠯ ᠤᠨᠲᠠᠷᠠᠭᠠᠬᠤ ᠲᠠᠷᠬᠠᠭᠠᠨ ᠶᠠᠪᠤᠭᠤᠯᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ ᠢ ᠪᠠᠲᠤ ᠴᠤᠭᠴᠠᠯᠠᠬᠤ ᠬᠡᠷᠡᠭᠲᠡᠶ᠃      ᠭᠤᠷᠪᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠷᠮᠠᠶᠢᠨ ᠪᠠᠶᠢᠭᠤᠯᠬᠤ ᠬᠡᠷᠡᠭᠲᠡᠶ᠃ ᠠᠳᠠᠯ ᠠᠬᠤᠶ ᠶᠢᠨ ᠠᠵᠢᠯᠲᠠᠳ ᠤᠨ ᠭᠠᠯ ᠤᠨᠲᠠᠷᠠᠭᠠᠬᠤ ᠪᠣᠯᠪᠠᠰᠤᠷᠠᠭᠤᠯᠤᠯ ᠢ ᠴᠢᠩᠭᠠᠷᠠᠭᠤᠯᠤᠨ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢ ᠪᠠᠷᠢᠮᠵᠢᠶ᠎ᠠ ᠶᠣᠰᠣᠭᠠᠷ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠠᠳᠠᠯ ᠠᠬᠤᠶ ᠶᠢᠨ ᠨᠢᠭᠡᠴᠢ ᠨᠦᠭᠦᠳ ᠪᠠᠶᠢᠩᠭᠤ ᠶᠢᠨ ᠴᠢᠨᠠᠷᠲᠠᠶ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠨᠡᠮᠡᠭᠳᠡᠭᠦᠯᠦᠨ᠂ ᠰᠠᠭᠤᠭᠠᠯᠢ ᠠᠷᠠᠳ ᠢ ᠵᠢᠯᠣᠭᠤᠳᠤᠨ ᠭᠠᠯ ᠤᠨᠲᠠᠷᠠᠭᠠᠬᠤ ᠡᠯ᠎ᠡ ᠲᠥᠷᠥᠯ ᠤᠨ ᠪᠡᠯᠡᠳᠬᠡᠮᠵᠢ᠂ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠡᠵᠡᠮᠰᠢᠭᠦᠯᠵᠦ᠂ ᠢᠯᠡ ᠭᠠᠵᠠᠷ ᠲᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠤᠨᠲᠠᠷᠠᠭᠠᠬᠤ ᠠᠮᠤᠷ ᠲᠦᠪᠰᠢᠨ︾ ᠤ ᠵᠠᠷᠯᠠᠯ ᠬᠢᠭᠡᠳ ᠤᠬᠠᠭᠤᠯᠭ᠎ᠠ ᠶᠢᠨ ᠳᠡᠪᠲᠡᠷ ᠨᠠᠭᠠᠵᠤ᠂ ᠭᠠᠯ ᠤᠨᠲᠠᠷᠠᠭᠠᠬᠤ ᠰᠣᠷᠢᠯᠲᠠ ᠶᠢ ᠲᠤᠬᠠᠶ ᠶᠢᠨ ᠭᠠᠵᠠᠷ ᠲᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠪᠠ ᠠᠮᠢ ᠵᠢᠭᠤᠲᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠶ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号