ᠢᠦᠢ ᠴᠢᠤᠸᠠᠨ ᠲᠣᠭᠤᠷᠢᠭ ᠤᠨ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠵᠠᠩᠭᠢ ᠶᠢᠨ ᠠᠶᠢᠯ ᠲᠣᠰᠬᠤᠨ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠵᠤ ᠰᠠᠶᠢᠰᠢᠶᠠᠨ ᠬᠥᠬᠢᠭᠦᠯᠬᠦ ᠶᠡᠭᠡ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/1
     ᠭᠡᠷ ᠤᠨ ᠰᠤᠷᠲᠠᠯ ᠭᠡᠷ ᠤᠨ ᠰᠤᠷᠭᠠᠯ ᠪᠣᠯ ᠨᠢᠭᠡᠨ ᠭᠡᠷ ᠪᠦᠯᠢ ᠶᠢᠨ ᠣᠷᠣᠰᠢᠨ ᠲᠣᠭᠲᠠᠨᠢᠬᠤ ᠶᠢᠨ ᠦᠨᠳᠦᠰᠦ᠂ ᠵᠣᠯ ᠵᠢᠷᠭᠠᠯ ᠤᠨ ᠡᠬᠢ ᠰᠤᠷᠪᠤᠯᠵᠢ ᠮᠥᠨ᠂ ᠪᠣᠯᠪᠠᠰᠤᠨ ︽ᠪᠠᠭ᠎ᠠ ᠭᠡᠷ ᠪᠦᠯᠢ︾ ᠨᠢ ᠪᠣᠯᠪᠠᠰᠤᠨ ᠬᠥᠳᠡᠭᠡ ᠲᠣᠰᠬᠤᠨ ᠤ ︽ᠶᠡᠭᠡ ᠭᠡᠷ ᠪᠦᠯᠢ︾ ᠶᠢ ᠲᠡᠵᠢᠭᠡᠵᠦ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠵᠠᠩᠭᠢ ᠶᠢᠨ ᠠᠶᠢᠯ ᠲᠣᠰᠬᠤᠨ ᠬᠡᠷ ᠤᠨ ᠰᠤᠷᠲᠠᠯ ᠢ ᠤᠯᠠᠮᠵᠢᠯᠠᠵᠤ ᠰᠠᠶᠢᠰᠢᠶᠠᠨ ᠬᠥᠬᠢᠭᠦᠯᠬᠦ ᠶᠡᠭᠡ ᠬᠤᠷᠠᠯ ᠡᠷᠭᠢᠯᠡᠵᠦ᠂ ᠵᠢᠱᠢᠶᠡᠴᠢ ᠬᠥᠮᠦᠰ ᠢ ᠬᠥᠬᠢᠭᠦᠯᠦᠨ ᠰᠠᠶᠢᠰᠢᠶᠠᠬᠤ ᠪᠠᠷ ᠳᠠᠮᠵᠢᠭᠤᠯᠤᠨ᠂ ᠪᠣᠯᠪᠠᠰᠤᠨ ᠬᠦᠳᠡᠭᠡ ᠲᠤᠰᠬᠤᠨ ᠤ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠲᠠᠢ ᠪᠣᠯᠪᠠᠰᠤᠨ ᠬᠥᠳᠡᠭᠡ ᠲᠣᠰᠬᠤᠨ ᠤ ᠠᠭᠤᠷ ᠠᠮᠢᠰᠬᠤᠯ ᠢ ᠪᠣᠶ ᠪᠤᠯᠭᠠᠵᠤ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠲᠣᠰᠬᠤᠨ ᠤ ᠠᠷᠠᠳ ᠤᠨ ᠪᠣᠯᠪᠠᠰᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃
     ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠵᠤ᠂ ᠭᠡᠷ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠤᠢ ᠪᠣᠯᠭᠠᠪᠠ᠃ ᠰᠢᠯᠭᠠᠷᠠᠭᠤᠯᠤᠯᠲᠠ ᠶᠢᠨ ᠳᠤᠮᠳᠠ ᠨᠢᠭᠡ ᠪᠦᠯᠦᠭ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠬᠡᠷ ᠪᠦᠯᠢ ᠪᠠᠷ ᠢᠶᠠᠨ ᠡᠶ᠎ᠡ ᠨᠠᠶᠢᠷᠲᠠᠶ᠂ ᠪᠣᠯᠪᠠᠰᠤᠨ ᠨᠥᠬᠦᠷᠰᠡᠭ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠲᠡᠷᠢᠭᠦᠨ ᠤ ᠵᠢᠱᠢᠶᠡᠴᠢ ᠬᠥᠮᠦᠰ ᠴᠣᠯᠭᠤᠷᠠᠨ ᠭᠠᠷᠤᠭᠰᠠᠨ ᠪᠠᠶᠢᠨ᠎ᠠ᠃ ᠲᠤᠬᠠᠶ ᠶᠢᠨ ᠲᠠᠯᠠᠪᠠᠶ ᠳᠤ ᠨᠡᠶᠢᠲᠡᠯᠡᠭᠰᠡᠨ ︽ᠰᠠᠶᠢᠨ ᠬᠠᠳᠠᠮ ᠠᠪᠤ᠂ ᠰᠠᠶᠢᠨ ᠬᠠᠳᠠᠮ ᠡᠵᠢ᠂ ᠰᠠᠶᠢᠨ ᠪᠡᠷᠢ︾ ᠨᠡᠷ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠥᠷᠰᠢ ᠵᠡᠷᠭᠡᠯᠡᠳᠡᠭᠡ ᠳᠡᠭᠡᠨ ᠮᠡᠳᠡᠷᠡᠭᠳᠡᠵᠦ᠂ ᠴᠥᠮ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠢᠯᠡᠷᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠡᠳᠦᠷ ᠲᠤᠲᠤᠮ ᠤᠨ ᠠᠮᠢᠳᠤᠷᠠᠯ ᠳᠤᠮᠳᠠ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠶ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠣᠯᠠᠨ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠰᠢᠯᠭᠠᠷᠠᠭᠤᠯᠤᠯᠲᠠ ᠳᠤ ᠣᠷᠣᠯᠴᠠᠭᠤᠯᠵᠤ᠂ ᠰᠠᠶᠢᠨ ᠰᠠᠶᠢᠬᠠᠨ ᠬᠡᠷ ᠤᠨ ᠰᠤᠷᠲᠠᠯ ᠢᠶᠠᠷ ᠣᠯᠠᠨ ᠲᠦᠮᠡᠨ ᠢ ᠤᠷᠢᠶᠠᠯᠠᠨ ᠵᠠᠩ ᠳᠠᠳᠬᠠᠯ ᠢ ᠨᠢ ᠥᠭᠡᠷᠡᠴᠢᠯᠡᠵᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠨᠢ ᠠᠷᠢᠯᠭᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠳᠤ ᠤᠬᠠᠮᠰᠠᠷ ᠠᠴᠠ ᠪᠠᠨ ᠣᠷᠣᠯᠴᠠᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ ᠶᠤᠮ᠃
     ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠳᠠᠮᠵᠢᠨ ᠢᠦᠢ ᠴᠢᠤᠸᠠᠨ ᠲᠣᠭᠤᠷᠢᠭ ᠤᠨ ᠵᠠᠩᠭᠢ ᠶᠢᠨ ᠠᠶᠢᠯ ᠲᠣᠰᠬᠤᠨ ᠤ ᠠᠷᠠᠳ ᠤᠨ ᠤᠬᠠᠮᠰᠠᠷ ᠠᠴᠠ ᠪᠠᠨ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ ᠭᠡᠷ ᠤᠨ ᠰᠤᠷᠲᠠᠯ ᠢ ᠰᠠᠶᠢᠲᠤᠷ ᠪᠠᠶᠢᠭᠤᠯᠬᠤ ᠶᠢ ᠪᠦᠲᠦᠮᠵᠢᠲᠡᠢ ᠬᠦᠳᠦᠯᠦᠨ ᠳᠠᠭᠠᠭᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠭᠡᠷ ᠤᠨ ᠰᠤᠷᠲᠠᠯ ᠢ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠤᠯᠠᠮᠵᠢᠯᠠᠵᠤ᠂ ᠲᠣᠰᠬᠤᠨ ᠤ ᠠᠷᠠᠳ ᠤᠯᠠᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号