ᠪᠣᠲᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ︽ᠬᠤᠭ ᠨᠣᠪᠰᠢ ᠶᠢ ᠲᠦᠷᠦᠯ ᠬᠤᠪᠢᠶᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/11
     ᠬᠤᠭ ᠨᠣᠪᠰᠢ ᠶᠢ ᠲᠥᠷᠥᠯ ᠬᠤᠪᠢᠶᠠᠬᠤ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ ᠬᠤᠲᠠ ᠶᠢᠨ ᠠᠷᠠᠳ ᠤᠨ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠪᠣᠬᠢᠷᠲᠤᠯ ᠥᠬᠡᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠪᠣᠲᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ᠂ ᠢᠦᠢ ᠴᠢᠤᠸᠠᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠪᠣᠲᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠲᠤ ︽ᠬᠤᠭ ᠨᠣᠪᠰᠢ ᠶᠢ ᠲᠥᠷᠥᠯ ᠬᠤᠪᠢᠶᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ᠲᠤᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠪᠠᠶᠢᠵᠤ᠂ ᠡᠭᠦᠨ ᠳᠤ ᠭᠤᠣᠯᠳᠠᠭᠤ ᠭᠤᠷᠪᠠᠨ ᠲᠠᠯ᠎ᠠ ᠶᠢ ᠪᠠᠭᠲᠠᠭᠠᠨ᠎ᠠ᠄ ᠬᠤᠭ ᠨᠣᠪᠰᠢ ᠶᠢ ᠲᠦᠷᠦᠯ ᠬᠤᠪᠢᠶᠠᠬᠤ ᠲᠠᠶᠢᠯᠤᠮᠵᠢ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠬᠤᠭ ᠨᠣᠪᠰᠢ ᠶᠢ ᠲᠦᠷᠦᠯ ᠬᠤᠪᠢᠶᠠᠬᠤ ᠶᠠᠷᠢᠯᠴᠠᠬᠤ ᠬᠤᠷᠠᠯ ᠢ ᠬᠡᠷᠬᠢᠨ ᠨᠡᠩ ᠰᠠᠶᠢᠨ ᠬᠢᠬᠦ ᠵᠡᠷᠭᠡ ᠠᠭᠤᠯᠭ᠎ᠠ ᠶᠢ ᠪᠠᠭᠲᠠᠭᠠᠵᠤ᠂ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠬᠠᠮᠢᠶ᠎ᠠ ᠪᠦᠬᠦᠢ ᠮᠡᠳᠡᠯᠭᠡ ᠪᠠ ᠠᠷᠭ᠎ᠠ ᠶᠢ ᠲᠦᠭᠡᠮᠡᠯᠵᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠨᠢ ᠣᠷᠴᠢᠨ ᠲᠣᠭᠤᠷᠢᠨ ᠤ ᠬᠠᠮᠠᠭᠠᠯᠠᠯᠲᠠ ᠪᠠ ᠦᠷᠭᠦᠯᠵᠢᠯᠡᠬᠦ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠵᠢᠭᠠᠵᠤ᠂ ᠬᠠᠷᠢᠶ᠎ᠠ ᠣᠷᠣᠨ ᠤ ᠳᠣᠲᠣᠷᠠᠬᠢ ᠬᠤᠭ ᠨᠣᠪᠰᠢ ᠶᠢᠨ ᠪᠣᠬᠢᠷᠲᠤᠯ ᠢ ᠪᠠᠭᠠᠰᠬᠠᠵᠤ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
     ᠬᠤᠭ ᠨᠣᠪᠰᠢ ᠶᠢ ᠲᠥᠷᠥᠯ ᠬᠤᠪᠢᠶᠠᠬᠤ ᠲᠠᠶᠢᠯᠤᠮᠵᠢ ᠶᠢᠨ ᠠᠭᠤᠯᠭ᠎ᠠ ᠨᠢ ᠡᠯᠪᠡᠭ ᠪᠠᠶᠠᠯᠢᠭ ᠨᠠᠷᠢᠨ ᠪᠣᠳᠠᠲᠠᠶ ᠪᠠᠶᠢᠵᠤ᠂ ᠲᠥᠷᠥᠯ ᠬᠤᠪᠢᠶᠠᠬᠤ ᠠᠴᠢ ᠬᠤᠯᠪᠣᠭᠳᠠᠯ᠂ ᠠᠷᠭ᠎ᠠ ᠪᠠᠷᠢᠯ ᠪᠠ ᠴᠢᠬᠤᠯᠠ ᠴᠢᠨᠠᠷ ᠢ ᠬᠠᠮᠤᠷᠤᠭᠰᠠᠨ ᠪᠥᠭᠡᠳ ᠰᠠᠭᠤᠭᠠᠯᠢ ᠠᠷᠠᠳ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠷᠬᠢᠨ ᠪᠦᠲᠦᠮᠵᠢᠲᠡᠶ ᠲᠥᠷᠥᠯ ᠬᠤᠪᠢᠶᠠᠬᠤ ᠵᠡᠷᠭᠡ ᠶᠢ ᠲᠠᠶᠢᠯᠪᠤᠷᠢᠯᠠᠵᠠᠢ᠃ ᠵᠠᠯᠭᠠᠭᠠᠳ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠵᠠᠩᠭᠢᠯᠠᠭ᠎ᠠ ᠶᠢᠨ ᠬᠠᠷᠢᠯᠴᠠᠨ ᠦᠢᠯᠡᠳᠦᠯᠴᠡᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠲᠥᠷᠥᠯ ᠬᠤᠪᠢᠶᠠᠭᠰᠠᠨ ᠮᠡᠳᠡᠯᠭᠡ ᠶᠢ ᠨᠠᠩ ᠭᠦᠨᠵᠡᠭᠡᠶ ᠣᠶᠢᠯᠠᠭᠠᠭᠤᠯᠪᠠ᠃      ᠬᠠᠮᠤᠭ ᠰᠡᠭᠦᠯᠴᠢ ᠶᠢᠨ ᠶᠠᠷᠢᠯᠴᠠᠬᠤ ᠭᠤᠭᠴᠤᠭ᠎ᠠ ᠳᠤ᠂ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠨᠡᠩ ᠰᠠᠶᠢᠲᠤᠷ ᠬᠢᠬᠦ ᠶᠢᠨ ᠬᠠᠮᠲᠤ ᠬᠤᠪᠢ ᠬᠥᠮᠦᠨ ᠤ ᠲᠤᠷᠰᠢᠯᠭ᠎ᠠ ᠪᠠᠨ ᠬᠤᠪᠢᠶᠠᠯᠴᠠᠵᠠᠢ᠃ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠪᠣᠲᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠪᠣᠬᠢᠷᠲᠤᠯ ᠥᠬᠡᠶ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠠᠵᠢᠯᠯᠠᠭ᠎ᠠ ᠨᠢ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠴᠢᠩᠭᠠᠷᠠᠭᠤᠯᠤᠨ᠂ ᠲᠡᠳᠡᠨ ᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠨᠠᠩ ᠤᠬᠠᠮᠰᠠᠷ ᠠᠴᠠ ᠪᠠᠨ ᠣᠷᠣᠯᠴᠠᠭᠤᠯᠵᠤ᠂ ᠪᠣᠬᠢᠷᠲᠤᠯ ᠥᠬᠡᠶ ᠣᠷᠴᠢᠨ ᠲᠤᠭᠤᠷᠢᠨ ᠢ ᠬᠠᠮᠠᠭᠠᠯᠠᠬᠤ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号