ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠲᠤᠰᠠᠯᠠᠬᠤ ᠪᠠᠭᠠᠵᠢ ᠬᠡᠷᠡᠭᠰᠡᠯ ᠢ ᠬᠡᠷ ᠲᠤᠨᠢ ᠬᠦᠷᠭᠡᠵᠦ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ ᠬᠥᠮᠦᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/3/11
     ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠬᠠᠷᠢᠶ᠎ᠠ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠴᠢᠳᠠᠪᠤᠷᠢ ᠪᠣᠯᠤᠨ ᠠᠮᠢᠳᠤᠷᠠᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ  ᠶᠢᠨ ᠲᠦᠯᠦᠭᠡ᠂ 3 ᠳ᠋ᠤᠭᠠᠷ ᠰᠠᠷ᠎ᠠ ᠶᠢᠨ 6 ᠤ ᠡᠳᠦᠷ᠂ ᠢᠦᠶ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠲᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠭᠡᠷ ᠤᠨ ᠠᠵᠢᠯᠲᠠᠳ ᠵᠡᠮᠳᠡᠭᠴᠦᠳ ᠤᠨ ᠬᠤᠯᠪᠣᠭ᠎ᠠ ᠠᠴᠠ ᠵᠣᠬᠢᠴᠠᠭᠤᠯᠵᠤ ᠢᠷᠡᠭᠰᠡᠨ ᠲᠠᠶᠠᠭ ᠢᠶᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠸᠧᠨ ᠮᠢᠩ ᠯᠢᠶᠠᠩ ᠤᠨ ᠭᠠᠷ ᠲᠤ ᠬᠦᠷᠭᠡᠭᠰᠡᠨ ᠢᠶᠠᠷ ᠸᠧᠨ ᠮᠢᠩ ᠯᠢᠶᠠᠩ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠠᠷᠠᠳ ᠤᠨ ᠲᠥᠯᠥᠭᠡ ᠠᠷᠠᠳ ᠤᠨ ᠶᠠᠪᠤᠳᠠᠯ ᠤᠨ ᠠᠵᠢᠯ ᠤᠨ ᠵᠠᠷᠴᠢᠮ ᠢ ᠲᠤᠭᠤᠰᠢᠯᠠᠭᠤᠯᠵᠠᠢ᠃      ᠸᠧᠨ ᠮᠢᠩ ᠯᠢᠶᠠᠩ ᠪᠣᠯ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠲᠤᠮᠵᠢ ᠶᠢᠨ ᠬᠠᠷᠢᠶ᠎ᠠ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠪᠣᠯᠤᠨ᠎ᠠ᠂ ᠠᠷᠠᠳ ᠤᠨ ᠶᠠᠪᠤᠳᠠᠯ ᠤᠨ ᠠᠯᠪᠠᠨ ᠬᠡᠷ ᠤᠨ ᠰᠢᠤᠢ ᠡᠷᠬᠢᠯᠡᠭᠴᠢ ᠬᠡᠷ ᠲᠤ ᠬᠦᠷᠴᠦ ᠲᠣᠬᠤᠨᠢᠭᠤᠯᠬᠤ ᠦᠶ᠎ᠡ ᠳᠤ ᠸᠧᠨ ᠮᠢᠩ ᠯᠢᠶᠠᠩ ᠤᠨ ᠦᠨᠳᠦᠰᠦᠨ ᠪᠠᠶᠢᠳᠠᠯ ᠢ ᠣᠶᠢᠯᠠᠭᠠᠵᠤ᠂ ᠲᠡᠭᠦᠨ ᠤ ᠡᠪᠡᠳᠴᠢᠯᠡᠭᠰᠡᠨ ᠠᠴᠠ ᠪᠣᠯᠵᠣ ᠬᠥᠯ ᠭᠠᠷ ᠨᠢ ᠬᠥᠳᠡᠯᠵᠦ ᠪᠠᠷᠢᠬᠤ ᠳᠤ ᠳᠥᠭᠦᠮ ᠦᠭᠡᠢ ᠪᠣᠯᠤᠭᠰᠠᠨ ᠪᠣᠯᠪᠠᠴᠤ ᠬᠡᠷ ᠪᠦᠯᠢ ᠨᠢ ᠨᠡᠯᠢᠶᠡᠳ ᠬᠦᠴᠢᠷᠳᠡᠯᠲᠡᠶ ᠠᠴᠠ ᠪᠣᠯᠵᠣ ᠲᠠᠶᠠᠭ ᠬᠤᠳᠠᠯᠳᠤᠨ ᠠᠪᠬᠤ ᠵᠠᠷᠤᠳᠠᠯ ᠢ ᠡᠭᠦᠷᠭᠡᠯᠡᠵᠦ ᠳᠡᠶᠢᠯᠬᠦ ᠥᠬᠡᠶ᠂ ᠡᠳᠦᠷ ᠲᠤᠲᠤᠮ ᠤᠨ ᠶᠠᠪᠤᠵᠤ ᠰᠠᠭᠤᠬᠤ ᠳᠤ ᠮᠠᠰᠢ ᠳᠥᠭᠦᠮ ᠦᠭᠡᠢ ᠪᠠᠶᠢᠬᠤ ᠶᠢ ᠣᠯᠵᠤ ᠮᠡᠳᠡᠵᠡᠶ᠃ ᠠᠷᠠᠳ ᠤᠨ ᠶᠠᠪᠤᠳᠠᠯ ᠤᠨ ᠠᠯᠪᠠᠨ ᠭᠡᠷ ᠠᠴᠠ ᠲᠡᠷᠡ ᠳᠠᠷᠤᠶ ᠳᠤᠨᠢ ᠵᠡᠮᠳᠡᠭᠴᠦᠳ ᠤᠨ ᠬᠤᠯᠪᠣᠭ᠎ᠠ ᠠᠴᠠ ᠨᠢᠭᠡ ᠲᠠᠶᠠᠭ ᠲᠣᠬᠢᠷᠠᠭᠤᠯᠵᠤ ᠥᠭᠭᠦᠭᠰᠡᠨ ᠪᠥᠭᠡᠳ ᠠᠷᠠᠳ ᠤᠨ ᠶᠠᠪᠤᠳᠠᠯ ᠤᠨ ᠲᠤᠰᠠᠯᠠᠭᠴᠢ ᠲᠠᠢ ᠬᠠᠮᠲᠤ ᠲᠡᠭᠦᠨ ᠤ ᠭᠠᠷ ᠲᠤ ᠬᠦᠷᠭᠡᠵᠦ᠂ ᠪᠠᠰᠠ ᠲᠡᠭᠦᠨ ᠳᠤ ᠲᠠᠶᠠᠭ ᠬᠡᠷᠡᠭᠯᠡᠬᠦ ᠠᠷᠭ᠎ᠠ ᠶᠢ ᠲᠠᠨᠢᠯᠴᠠᠭᠤᠯᠵᠤ᠂ ᠲᠡᠭᠦᠨ ᠤ ᠶᠠᠪᠤᠵᠤ ᠰᠠᠭᠤᠬᠤ ᠳᠤ ᠳᠥᠭᠦᠮ ᠦᠭᠡᠢ ᠪᠠᠶᠢᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠡᠢ᠃      ᠲᠠᠶᠠᠭ ᠢᠶᠠᠨ ᠣᠯᠤᠭᠰᠠᠨ ᠤ ᠳᠠᠷᠠᠭ᠎ᠠ ᠸᠧᠨ ᠮᠢᠩ ᠯᠢᠶᠠᠩ ᠶᠡᠬᠡᠳᠡ ᠰᠡᠳᠬᠢᠯ ᠬᠥᠳᠡᠯᠵᠦ᠂ ᠨᠠᠮ ᠪᠠ ᠵᠠᠰᠠᠭ ᠤᠨ ᠣᠷᠳᠣᠨ ᠠᠴᠠ ᠬᠦᠴᠢᠷᠳᠡᠯ ᠲᠠᠢ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠭᠰᠠᠨ ᠳᠤ ᠲᠦᠢᠯ ᠢᠶᠠᠷ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠭᠦᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠦᠭᠰᠡᠨ ᠪᠥᠭᠡᠳ ᠠᠮᠢᠳᠤᠷᠠᠯ ᠤᠨ ᠢᠲᠡᠭᠡᠯ ᠵᠣᠷᠢᠭ ᠢ ᠨᠢ ᠴᠦ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠬᠠᠷᠢᠶ᠎ᠠ ᠣᠷᠣᠨ ᠤ ᠪᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢ ᠦᠷᠭᠦᠯᠵᠢᠯᠡᠨ ᠬᠠᠯᠠᠮᠵᠢᠯᠠᠨ ᠬᠠᠯᠠᠮᠵᠢᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠡᠶ᠎ᠡ ᠵᠣᠬᠢᠴᠠᠯ ᠲᠠᠢ ᠪᠥᠭᠡᠳ ᠬᠠᠯᠠᠭᠤᠨ ᠳᠤᠯᠠᠭᠠᠨ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ ᠪᠣᠯᠭᠠᠬᠤ ᠳᠤ ᠰᠠᠶᠢᠨ ᠰᠠᠭᠤᠷᠢ ᠲᠠᠯᠪᠢᠵᠤ ᠥᠭᠬᠦ ᠪᠣᠯᠤᠨ᠎ᠠ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号