ᠢᠦᠶ ᠴᠢᠤᠸᠠᠨ ᠲᠣᠭᠤᠷᠢᠭ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/11
     ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠤᠭᠤᠭ ᠢ ᠠᠷᠢᠯᠭᠠᠵᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠣᠳᠣᠬᠠᠨ ᠤ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠬᠤᠷᠢᠶᠠᠯᠠᠯ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠤᠨ ᠬᠢᠨ ᠬᠤᠷᠢᠶᠠᠯᠠᠯ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠤᠨ ᠪᠠᠶᠢᠭᠤᠯᠤᠯᠲᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳᠦᠷ ᠲᠤᠲᠤᠮ ᠤᠨ ᠬᠠᠮᠢᠶᠠᠷᠤᠯᠲᠠ ᠪᠠ ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠪᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠡᠰᠡᠬᠦ᠂ ᠳᠤᠷ᠎ᠠ ᠪᠠᠷ ᠢᠶᠠᠨ ︽ᠡᠯᠭᠦᠭᠡ ᠤᠲᠠᠰᠤ︾ ᠶᠢ ᠵᠠᠯᠭᠠᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠵᠠᠮ ᠨᠢ ᠰᠠᠭᠠᠳ ᠦᠭᠡᠶ ᠪᠠᠶᠢᠬᠤ ᠡᠰᠡᠬᠦ᠂ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠭᠰᠠᠨ ᠡᠰᠡᠬᠦ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠨᠢ ᠬᠠᠭᠠᠷᠠᠭᠰᠠᠨ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠵᠠᠶ᠃
     ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠵᠢᠴᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤᠨᠢ ᠠᠳᠠᠯ ᠠᠬᠤᠶ ᠶᠢᠨ ᠲᠠᠯ᠎ᠠ᠂ ᠥᠮᠴᠢᠲᠡᠨ ᠢ ᠰᠢᠮᠳᠠᠭᠤᠯᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ ᠪᠠᠰᠠ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠰᠠᠨ ᠠᠳᠠᠯ ᠠᠬᠤᠶ ᠶᠢᠨ ᠨᠢᠭᠡᠴᠢ ᠳᠤ ᠠᠰᠠᠭᠤᠳᠠᠯ ᠢ ᠢᠯᠡᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠠᠰᠤ ᠵᠣᠭᠰᠣᠭᠠᠬᠤ ᠬᠡᠷᠡᠭᠲᠡᠶ ᠭᠡᠵᠦ ᠵᠠᠬᠢᠵᠠᠶ᠃
     ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠥᠨᠳᠥᠷ ᠳᠠᠪᠬᠤᠷᠭᠠᠲᠤ ᠪᠠᠷᠢᠯᠭ᠎ᠠ ᠶᠢᠨ ᠲᠣᠰ ᠪᠡᠶ᠎ᠡ ᠨᠢ ᠮᠤᠨᠳᠠᠭ ᠶᠡᠭᠡ᠂ ᠬᠥᠮᠦᠨ ᠬᠠᠷ᠎ᠠ ᠨᠢᠭᠲᠠᠷᠠᠭᠰᠠᠨ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠣᠯᠠᠨ ᠵᠡᠷᠭᠡ ᠣᠨᠴᠠᠯᠢᠭ ᠲᠠᠢ ᠪᠥᠭᠡᠳ ︽ᠬᠤᠯᠠᠩ ᠤᠨ  ᠦᠢᠯᠡᠳᠦᠯ︾ ᠨᠢ ᠢᠯᠡᠷᠬᠡᠶ ᠪᠠᠶᠢᠵᠤ᠂ ᠭᠠᠯ ᠤᠨ ᠠᠶᠤᠯ ᠭᠠᠷᠤᠮᠠᠭᠴᠠ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠬᠦᠨᠳᠦ ᠨᠣᠴᠢᠲᠠᠶ ᠦᠷ᠎ᠡ ᠳ᠋ᠦᠩ ᠢ ᠠᠮᠠᠷᠬᠠᠨ ᠪᠣᠶ ᠪᠣᠯᠭᠠᠨ᠎ᠠ᠃ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠪᠣᠯ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠡᠷᠢᠭᠦᠨ ᠤ ᠬᠠᠯᠬᠠᠪᠴᠢ ᠪᠣᠯᠬᠤ ᠪᠥᠭᠡᠳ ᠭᠠᠯ ᠤᠨ ᠠᠶᠤᠯ ᠢ ᠣᠯᠵᠤ ᠮᠡᠳᠡᠬᠦ ᠪᠠ ᠠᠩᠬ᠎ᠠ ᠭᠠᠷᠤᠭᠰᠠᠨ ᠭᠠᠯ ᠢ ᠤᠨᠲᠠᠷᠠᠭᠠᠬᠤ ᠳᠤ ᠲᠦᠢᠯ ᠤᠨ ᠴᠢᠬᠤᠯᠠ ᠦᠢᠯᠡᠳᠦᠯ ᠲᠠᠢ ᠪᠠᠶᠢᠵᠤ᠂ ᠭᠠᠯ ᠤᠨᠲᠠᠷᠠᠭᠠᠬᠤ ᠪᠡᠯᠡᠳᠬᠡᠮᠵᠢ ᠶᠢ ᠰᠠᠶᠢᠲᠤᠷ ᠬᠡᠷᠡᠭᠯᠡᠬᠦ ᠶᠢ ᠪᠠᠲᠤᠯᠠᠪᠠᠯ ᠭᠠᠯ ᠤᠨ ᠭᠠᠮᠰᠢᠭ ᠤᠨ ᠤᠴᠠᠷᠠᠭᠤᠯᠤᠭᠰᠠᠨ ᠬᠤᠬᠢᠷᠠᠯ ᠢ ᠪᠦᠲᠦᠮᠵᠢᠲᠡᠶ ᠪᠠᠭᠠᠰᠬᠠᠵᠤ ᠴᠢᠳᠠᠨ᠎ᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠬᠤ ᠪᠠᠷ ᠥᠭᠡᠷᠡᠴᠢᠯᠡᠬᠦ ᠶᠢ ᠠᠬᠢᠭᠤᠯᠤᠨ᠂ ᠥᠭᠡᠷᠡᠴᠢᠯᠡᠬᠦ ᠪᠠᠷ ᠭᠡᠮ ᠰᠤᠭᠤᠭ ᠢ ᠠᠷᠢᠯᠭᠠᠵᠤ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号