2024 ᠣᠨ ᠤ ᠢᠦᠶ ᠴᠢᠤᠸᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/3/11
     ︽ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠨᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠤ ᠡᠬᠢ ᠪᠠᠶᠠᠯᠢᠭ ᠥᠰᠥᠭ  ﹇2022﹈ 1264 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠡᠪᠴᠢᠶᠡᠨ ᠳᠠᠬᠢ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 5000 ᠲᠣᠨ ︵ᠲᠡᠩᠴᠡᠯ  ᠤᠨ ᠬᠡᠮᠵᠢᠭᠳᠡᠯ︶ ᠠᠴᠠ ᠳᠣᠷᠣᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠤᠯᠤᠰ ᠠᠴᠠ ᠮᠤᠵᠢ ᠶᠢᠨ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠴᠢᠬᠤᠯᠠᠲᠠᠶ ᠭᠡᠵᠦ ᠲᠣᠳᠣᠷᠬᠠᠶ ᠲᠣᠭᠲᠠᠭᠠᠭᠰᠠᠨ ᠢ ᠭᠠᠷᠭᠠᠪᠠᠯ᠂ ᠪᠦᠬᠦᠨ ᠢ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠵᠥᠪ ᠲᠠᠯ᠎ᠠ ᠶᠢᠨ ᠨᠠᠷᠢᠨ ᠬᠠᠭᠤᠳᠠᠰᠤᠨ ᠳᠤ ᠣᠷᠣᠭᠤᠯᠵᠤ᠂ ᠡᠨᠧᠷᠭᠢ ᠠᠷᠪᠢᠯᠠᠬᠤ ᠶᠢ ᠠᠮᠠᠯᠠᠨ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠳᠦᠭᠡ 2024 ᠣᠨ ᠤ ᠢᠦᠶ ᠴᠢᠤᠸᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠢ ᠵᠠᠷᠯᠠᠨ ᠨᠡᠶᠢᠲᠡᠯᠡᠶ᠎ᠡ᠃ ᠲᠥᠷᠥᠯ ᠵᠦᠢᠯ ᠤᠨ ᠦᠨᠳᠦᠰᠦᠨ ᠪᠠᠶᠢᠳᠠᠯ ᠨᠢ ᠳᠣᠤᠷᠠᠬᠢ ᠮᠡᠲᠦ᠄      ᠨᠢᠭᠡ᠂ ᠲᠥᠷᠥᠯ ᠵᠦᠢᠯ ᠤᠨ ᠨᠡᠷᠡᠶᠢᠳᠦᠯ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠪᠣᠬᠢᠷᠲᠤᠯ ᠥᠬᠡᠶ ᠢᠳᠡᠭᠡᠨ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︔      ᠬᠤᠶᠠᠷ᠂ ᠲᠥᠷᠥᠯ ᠵᠦᠢᠯ ᠤᠨ ᠣᠷᠣᠯᠠᠬᠤ ᠨᠣᠮᠧᠷ᠄ 2309 — 150104 — 89 — 01 — 395418︔      ᠭᠤᠷᠪᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ᠄ ᠥᠪᠥᠷ ᠮᠣᠩᠭᠤᠯ ᠤᠨ ᠶᠦᠨ ᠵᠦᠩ ᠬᠥᠭᠵᠢᠭᠦᠯᠦᠯᠲᠡ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︔      ᠳᠥᠷᠪᠡ᠂ ᠪᠥᠲᠥᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠢᠦᠶ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ C ᠲᠣᠭᠤᠷᠢᠭ ᠤᠨ 15 ᠳ᠋ᠤᠭᠠᠷ ᠨᠣᠮᠧᠷ︔      ᠲᠠᠪᠤ᠂ ᠲᠥᠷᠥᠯ ᠵᠦᠢᠯ ᠤᠨ ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ᠄ 1677.13 ᠲᠣᠨ ᠪᠠᠷᠢᠮᠵᠢᠶᠠᠲᠤ ᠨᠡᠭᠦᠷᠡᠰᠦ ︵ᠲᠡᠩᠴᠡᠯ ᠤᠨ ᠬᠡᠮᠵᠢᠭᠳᠡᠯ︶︔      ᠵᠢᠷᠭᠤᠭ᠎ᠠ᠂ ᠲᠥᠷᠥᠯ ᠵᠦᠢᠯ ᠤᠨ ᠵᠢᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ᠄ 45.89tCO₂︔      ᠳᠡᠭᠡᠷᠡᠬᠢ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠤᠨ ᠨᠢᠭᠡᠴᠢ ᠨᠦᠭᠦᠳ ᠠᠮᠠᠯᠠᠯᠲᠠ ᠶᠢᠨ ᠪᠢᠴᠢᠭ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠣᠳᠠᠲᠠᠶ ᠡᠨᠧᠷᠭᠢ ᠶᠢᠨ ᠬᠤᠷᠣᠭᠳᠠᠯ᠂ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠪᠠ ᠨᠢᠭᠡᠴᠢ ᠪᠠᠷᠢᠯᠭ᠎ᠠ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ ᠠᠮᠠᠯᠠᠯᠲᠠ ᠶᠢᠨ ᠥᠷᠲᠡᠭ ᠤᠨ ᠬᠡᠪᠴᠢᠶ᠎ᠡ ᠠᠴᠠ ᠳᠠᠪᠠᠭᠤᠯᠬᠤ ᠥᠬᠡᠶ ᠪᠠᠶᠢᠬᠤ ᠶᠢᠨ ᠬᠠᠮᠲᠤ᠂ ᠪᠥᠲᠥᠭᠡᠨ ᠪᠠᠶᠢᠭᠤᠯᠬᠤ ᠲᠥᠰᠦᠯ ᠢᠶᠠᠨ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠲᠥᠬᠦᠭᠡᠷᠦᠮᠵᠢ ᠶᠢ ᠰᠣᠩᠭᠤᠨ ᠬᠡᠷᠡᠭᠯᠡᠵᠦ᠂ ᠡᠨᠧᠷᠭᠢ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠮᠠᠨ ᠤ ᠵᠥᠪᠯᠡᠯ ᠠᠮᠠᠯᠠᠯᠲᠠ ᠶᠢᠨ ᠳᠠᠩᠰᠠᠯᠠᠭᠤᠯᠤᠭᠰᠠᠨ ᠠᠭᠤᠯᠭ᠎ᠠ ᠲᠠᠢ ᠬᠠᠷᠢᠴᠠᠭᠤᠯᠤᠨ ᠡᠨᠧᠷᠭᠢ ᠠᠷᠪᠢᠯᠠᠬᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃                2024 ᠣᠨ ᠤ 3 ᠳ᠋ᠤᠭᠠᠷ ᠰᠠᠷ᠎ᠠ ᠶᠢᠨ 8 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号