2024 ᠣᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠠᠭᠤᠯᠭ᠎ᠠ ᠲᠡᠭᠦᠯᠳᠡᠷ ᠶᠠᠪᠤᠭᠳᠠᠪᠠ
ᠨᠡᠶᠢᠲᠡᠯᠡᠭᠰᠡᠨ ᠴᠠᠭ᠄
2024/3/11
     3 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ᠂ ᠠᠢ ᠺᠧ ᠰᠧ ᠪᠥᠸᠧ ᠣᠯᠠᠨ ᠤᠯᠤᠰ ᠤᠨ ᠬᠤᠷᠠᠯ ᠦᠵᠡᠰᠬᠦᠯᠡᠩ ᠤᠨ ︵ᠥᠪᠥᠷ ᠮᠣᠩᠭᠤᠯ︶ ᠪᠦᠯᠦᠭᠯᠡᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠪᠥᠸᠧ ᠴᠤᠤ ᠦᠵᠡᠰᠬᠦᠯᠡᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠯᠢᠶᠣᠤᠨᠢᠩ ᠤᠨ ᠶᠠᠩ ᠭᠤᠸᠠᠩ ᠣᠯᠠᠨ ᠤᠯᠤᠰ ᠤᠨ ᠬᠤᠷᠠᠯ ᠦᠵᠡᠰᠬᠦᠯᠡᠩ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠬᠥᠬᠡᠬᠤᠲᠠ ᠶᠢᠨ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ ᠦᠵᠡᠰᠬᠦᠯᠡᠩ ᠤᠨ ᠴᠤᠭᠯᠠᠭᠠᠨ ᠨᠢ 3 ᠡᠳᠦᠷ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠤᠨ 1016 ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠦᠵᠡᠰᠬᠦᠯᠡᠩ ᠤᠨ ᠲᠠᠯᠠᠪᠠᠶ ᠨᠢ 50000 ᠲᠡᠭᠰᠢ ᠳᠥᠷᠪᠡᠯᠵᠢᠨ ᠮᠧᠲᠷ ᠬᠦᠷᠴᠡᠢ᠃
     2024 ᠣᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠪᠣᠯ 2024 ᠣᠨ ᠤ 15 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠰᠬᠦᠯᠡᠩ ᠵᠢᠴᠢ ᠲᠠᠷᠢᠶᠠᠯᠠᠩ ᠤᠨ ᠮᠠᠰᠢᠨ ᠢ ᠬᠠᠮᠲᠤ ᠪᠠᠷ ᠬᠤᠳᠠᠯᠳᠤᠨ ᠠᠪᠬᠤ ᠪᠠᠶᠠᠷ ᠤᠨ ᠡᠳᠦᠷ ᠪᠣᠯᠣᠨ᠎ᠠ᠃ 2024 ᠣᠨ ᠤ 17 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠴᠠᠭᠠᠨ ᠢᠳᠡᠭᠡᠨ ᠤ ᠦᠢᠯᠡᠰ ᠤᠨ ᠦᠵᠡᠰᠬᠦᠯᠡᠩ ᠵᠢᠴᠢ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠴᠠᠭᠠᠨ ᠢᠳᠡᠭᠡᠨ ᠤ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠲᠦᠯᠬᠢᠨ ᠠᠬᠢᠭᠤᠯᠬᠤ ᠶᠡᠭᠡ ᠬᠤᠷᠠᠯ᠂ 2024 ᠣᠨ ᠤ 5 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠬᠤᠨᠢᠨ ᠤ ᠠᠵᠤ ᠦᠢᠯᠡᠰ ᠤᠨ ᠦᠵᠡᠰᠬᠦᠯᠡᠩ᠂ 2024 ᠣᠨ ᠤ ᠥᠪᠥᠷ ᠮᠣᠩᠭᠤᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ︵ᠤᠷᠭᠤᠮᠠᠯ ᠤᠨ ᠬᠠᠮᠠᠭᠠᠯᠠᠯᠲᠠ︶ ᠤᠨ ᠠᠷᠠᠯᠵᠢᠶᠠᠨ ᠤ ᠴᠤᠭᠯᠠᠭᠠᠨ ᠢᠶᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠡᠩ ᠤᠨ ᠲᠣᠮᠣ ᠲᠠᠪᠴᠠᠩ ᠪᠣᠯᠣᠨ᠎ᠠ᠃ ᠦᠵᠡᠰᠬᠦᠯᠡᠩ ᠳᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ᠂ ᠦᠬᠡᠷ ᠬᠤᠨᠢ ᠲᠡᠵᠢᠭᠡᠨ ᠦᠷᠡᠵᠢᠭᠦᠯᠬᠦ᠂ ᠴᠠᠭᠠᠨ ᠢᠳᠡᠭᠡᠨ ᠤ ᠠᠵᠤ ᠦᠢᠯᠡᠳᠪᠦᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠷᠭᠤᠮᠠᠯ ᠤᠨ ᠬᠠᠮᠠᠭᠠᠯᠠᠯᠲᠠ ᠠᠴᠠ ᠨᠠᠷᠠᠲᠤ ᠲᠥᠷᠥᠯ ᠲᠡᠮᠳᠡᠭᠲᠦ ᠶᠢᠨ ᠦᠵᠦᠭᠦᠷ ᠬᠦᠷᠲᠡᠯ᠎ᠡ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠵᠦᠢᠯᠡᠰ ᠢ ᠳᠡᠯᠭᠡᠨ ᠦᠵᠡᠭᠦᠯᠵᠡᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号