ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/11
     ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠡᠮᠡᠭᠲᠡᠶ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠨ᠂ ᠡᠮᠡᠭᠲᠡᠶᠢᠴᠦᠳ ᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠡᠮᠡᠭᠲᠡᠶ ᠠᠵᠢᠯᠲᠠᠨ ᠠᠵᠢᠯᠴᠢᠨ ᠳᠤ ᠪᠠᠶᠠᠷ ᠤᠨ ᠡᠳᠦᠷ ᠤᠨ ᠰᠠᠶᠢᠨ ᠥᠩᠭᠡᠷᠡᠭᠡᠯᠲᠡ ᠲᠠᠢ ᠪᠣᠯᠭᠠᠵᠤ᠂ ᠪᠠᠴᠢᠮ ᠶᠠᠭᠠᠷᠠᠯᠲᠠᠶ ᠠᠵᠢᠯ ᠤᠨ ᠴᠢᠯᠥᠭᠡ ᠪᠠᠷ ᠢᠶᠠᠨ ᠪᠡᠶ᠎ᠡ ᠰᠡᠳᠬᠢᠯ ᠢ ᠨᠢ ᠲᠠᠶᠢᠪᠤᠰᠢᠷᠠᠭᠤᠯᠪᠠ᠃
     ︽ᠪᠢᠳᠡ ᠰᠡᠳᠬᠢᠯ ᠤᠨ ᠳᠠᠷᠤᠭᠠᠰᠤ ᠶᠢ ᠬᠥᠩᠭᠡᠷᠡᠭᠦᠯᠬᠦ ᠪᠦᠯᠬᠦᠮ ᠤᠨ ᠬᠠᠪᠰᠤᠷᠤᠮᠵᠢ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠲᠠᠶᠢᠯᠤᠮᠵᠢ᠂ ᠴᠠᠶ ᠶᠢᠨ ᠤᠷᠠᠯᠢᠭ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠵᠡᠮᠳᠡᠭ ᠠᠵᠢᠯᠲᠠᠨ ᠠᠵᠢᠯᠴᠢᠨ ᠢ ᠬᠠᠯᠠᠮᠵᠢᠯᠠᠬᠤ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠡᠮᠡᠭᠲᠡᠶ ᠠᠵᠢᠯᠲᠠᠨ ᠠᠵᠢᠯᠴᠢᠨ ᠤ ᠨᠡᠶᠢᠭᠡᠮ ᠤᠨ ᠠᠵᠤ ᠠᠬᠤᠶ ᠶᠢᠨ ᠦᠢᠯᠡᠰ ᠤᠨ ᠬᠥᠭᠵᠢᠯᠲᠡ ᠪᠣᠯᠤᠨ ᠪᠦᠲᠦᠭᠡᠨ ᠪᠠᠶᠢᠭᠤᠯᠤᠯᠲᠠ ᠳᠤ ᠨᠡᠩ ᠣᠯᠠᠨ ᠣᠷᠣᠯᠴᠠᠬᠤ ᠶᠢ ᠵᠣᠷᠢᠭᠵᠢᠭᠤᠯᠵᠤ᠂ ᠠᠵᠢᠯᠴᠢᠨ ᠤ ᠡᠪᠯᠡᠯ ᠤᠨ ᠢᠳᠡᠪᠬᠢᠲᠡᠶ ᠦᠢᠯᠡᠳᠦᠯ ᠢ ᠨᠡᠩ ᠰᠠᠶᠢᠨ ᠪᠠᠳᠠᠷᠠᠭᠤᠯᠵᠠᠶ︾ ᠭᠡᠵᠦ ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠭᠤᠤ ᠶᠠᠨ ᠶᠠᠨ ᠲᠠᠨᠢᠯᠴᠠᠭᠤᠯᠪᠠ᠃
     ︽ᠬᠠᠪᠤᠷ ᠤᠨ ᠤᠷᠢᠬᠠᠨ ᠰᠠᠯᠬᠢ ᠲᠠᠨ ᠲᠠᠢ ᠠᠳᠠᠯᠢ᠂ ᠬᠡᠷᠡᠯ ᠭᠢᠯᠪᠠᠭ᠎ᠠ ᠪᠠᠨ  ᠰᠠᠴᠤᠷᠠᠭᠤᠯᠬᠤ︾ ᠪᠦᠯᠬᠦᠮ ᠤᠨ ᠬᠠᠪᠰᠤᠷᠤᠨ ᠵᠢᠯᠣᠭᠤᠳᠬᠤ ᠳᠠᠷᠤᠯᠲᠠ ᠶᠢ ᠪᠠᠭᠠᠰᠬᠠᠬᠤ ᠬᠥᠳᠡᠯᠭᠡᠭᠡᠨ ᠤ ᠳᠤᠮᠳᠠ᠂ ᠣᠯᠠᠨ ᠢᠶᠠᠷ ᠢᠶᠠᠨ ᠪᠦᠷ ᠨᠢᠳᠤᠷᠭ᠎ᠠ ᠪᠠᠨ ᠵᠠᠩᠭᠢᠳᠤᠨ᠂ ᠦᠰᠦᠷᠦᠯᠲᠡ ᠶᠢᠨ ᠲᠠᠮᠢᠷ ᠢᠶᠠᠷ ᠳᠡᠮᠵᠢᠨ ᠪᠡᠶ᠎ᠡ ᠪᠠᠨ ᠲᠡᠨᠢᠢᠯᠭᠡᠵᠦ᠂ ᠲᠣᠭᠯᠠᠭᠠᠮ ᠤᠨ ᠶᠠᠪᠤᠴᠠ ᠳᠤ ᠮᠠᠰᠢ ᠴᠢᠩᠭ᠎ᠠ ᠬᠠᠮᠲᠤᠷᠠᠨ ᠠᠵᠢᠯᠯᠠᠬᠤ ᠤᠬᠠᠮᠰᠠᠷ ᠲᠠᠢ ᠪᠣᠯᠵᠣ᠂ ᠠᠩᠭᠢ ᠶᠢᠨ ᠭᠡᠰᠢᠭᠦᠳ ᠬᠤᠭᠤᠷᠣᠨᠳᠣ ᠪᠠᠨ ᠰᠡᠳᠬᠢᠯ ᠰᠠᠨᠠᠭ᠎ᠠ ᠪᠠᠨ ᠣᠯᠣᠯᠴᠠᠵᠤ᠂ ᠪᠦᠯᠬᠦᠮᠳᠡᠯ ᠲᠠᠢ ᠪᠣᠯᠤᠭᠰᠠᠨ ᠪᠠᠶᠢᠨ᠎ᠠ᠃ ︽ᠬᠥᠳᠡᠯᠭᠡᠬᠦ ᠬᠦᠴᠦᠨ ᠤ ᠬᠦᠷᠢᠶ᠎ᠡ︾ ᠲᠣᠭᠯᠠᠭᠠᠮ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ︽ᠰᠡᠳᠬᠢᠯ ᠬᠠᠨᠤᠭ᠎ᠠ ᠦᠭᠡᠢ︾ ᠪᠠᠶᠢᠵᠤ᠂ ᠪᠦᠯᠬᠦᠮᠳᠡᠨ ᠬᠠᠮᠵᠢᠯᠴᠠᠬᠤ ᠬᠠᠯᠠᠭᠤᠨ ᠳᠤᠯᠠᠭᠠᠨ ᠠᠭᠤᠷ ᠠᠮᠢᠰᠬᠤᠯ ᠳᠤ ᠰᠣᠭᠲᠣᠭᠤᠷᠠᠨ᠎ᠠ᠃ ᠴᠠᠶ ᠶᠢᠨ ᠤᠷᠠᠯᠢᠭ ᠤᠨ ᠭᠤᠤᠯ ᠰᠡᠳᠦᠪᠲᠦ ᠠᠵᠢᠯᠯᠠᠭ᠎ᠠ ᠶᠢᠨ ᠠᠬᠤᠶ ᠲᠠᠯᠠᠪᠠᠶ ᠳᠤ᠂ ᠠᠵᠢᠯᠲᠠᠨ ᠴᠠᠶ ᠵᠠᠬᠢᠶᠠᠯᠠᠬᠤ ᠤᠷ᠎ᠠ ᠮᠡᠷᠭᠡᠵᠢᠯ ᠢᠶᠠᠨ ᠦᠵᠡᠭᠦᠯᠵᠦ᠂ ᠬᠥᠬᠡ ᠨᠣᠭᠤᠭᠠᠨ ᠴᠠᠶ ᠪᠤᠶᠤ ᠴᠠᠭᠠᠨ ᠴᠠᠶ ᠵᠢᠩᠨᠡᠭᠰᠡᠨ ᠴᠠᠶ ᠶᠢᠨ ᠨᠤᠨᠲᠠᠭ ᠢᠶᠠᠷ ᠲᠦᠭᠦᠬᠡᠶ ᠮᠠᠲ᠋ᠧᠷᠢᠶᠠᠯ ᠪᠣᠯᠭᠠᠵᠤ᠂ ᠴᠠᠶ ᠶᠢᠨ ᠳᠡᠭᠡᠷ᠎ᠡ ᠤᠰᠤ ᠨᠡᠮᠡᠵᠦ ᠲᠦᠷᠭᠡᠨ ᠢᠯᠪᠢᠬᠦ ᠪᠠᠷ ᠳᠡᠮᠵᠢᠨ᠂ ᠴᠠᠰᠤ ᠴᠠᠭᠠᠨ ᠥᠳᠬᠡᠨ ᠬᠥᠭᠡᠰᠦ ᠭᠠᠷᠭᠠᠮᠠᠭᠴᠠ ᠬᠢᠵᠦ ᠳᠠᠭᠤᠰᠬᠠᠪᠠ᠃ ᠴᠠᠶ ᠶᠢ ᠰᠠᠶᠢᠬᠠᠨ ᠵᠠᠬᠢᠶᠠᠯᠠᠭᠰᠠᠨ ᠤ ᠳᠠᠷᠠᠭ᠎ᠠ ᠡᠯᠳᠡᠪ ᠵᠦᠢᠯ ᠤᠨ ᠬᠡ ᠤᠭᠠᠯᠵᠠ ᠭᠠᠷᠭᠠᠬᠤ ᠶᠢ ︽ᠴᠠᠶ ᠶᠢᠨ ᠵᠠᠭᠤᠨ ᠰᠢ︾ ᠭᠡᠳᠡᠭ᠂ ᠣᠯᠠᠨ ᠢᠶᠠᠷ ᠢᠶᠠᠨ ᠴᠠᠶ ᠶᠢᠨ ᠦᠨᠦᠷ ᠢ ᠦᠨᠦᠷᠯᠡᠵᠦ᠂ ᠴᠠᠶ ᠶᠢᠨ ᠤᠷ᠎ᠠ ᠮᠡᠷᠭᠡᠵᠢᠯ ᠢ ᠰᠣᠨᠢᠷᠬᠠᠨ᠂ ᠴᠠᠶ ᠶᠢᠨ ᠰᠣᠶᠣᠯ ᠢ ᠬᠠᠮᠲᠤ ᠪᠠᠷ ᠡᠳ᠋ᠯᠡᠪᠡ᠃ ᠠᠯᠢ ᠣᠯᠠᠨ ᠠᠵᠢᠯᠯᠠᠭ᠎ᠠ ᠶᠢᠨ ᠲᠥᠷᠥᠯ ᠵᠦᠢᠯ ᠤᠨ ᠶᠠᠪᠤᠭᠳᠠᠬᠤ ᠶᠢ ᠳᠠᠭᠠᠯᠳᠤᠨ᠂ ᠲᠣᠰ ᠤᠳᠠᠭᠠᠨ ᠤ ᠠᠵᠢᠯᠯᠠᠭ᠎ᠠ ᠨᠢ ᠢᠳᠡᠭ ᠢᠳᠡᠭ ᠢᠶᠠᠷ ᠥᠷᠨᠢᠯᠲᠡ ᠳᠤ ᠬᠦᠷᠴᠦ᠂ ᠥᠩᠭᠡ ᠢᠯᠭᠠᠷᠠᠭᠰᠠᠨ ᠠᠵᠢᠯᠯᠠᠭ᠎ᠠ ᠶᠢᠨ ᠳᠤᠮᠳᠠ ᠬᠠᠷᠢᠶᠠᠲᠤ ᠣᠷᠣᠨ ᠤ ᠡᠮᠡᠭᠲᠡᠶ ᠠᠵᠢᠯᠲᠠᠨ ᠠᠵᠢᠯᠴᠢᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃
     ᠲᠣᠰ ᠤᠳᠠᠭᠠᠨ ᠤ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠨᠢ ᠡᠮᠡᠭᠲᠡᠶ ᠠᠵᠢᠯᠲᠠᠳ ᠲᠤ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠠ  ᠭᠦᠢᠴᠡᠳ ᠮᠡᠳᠡᠷᠡᠭᠦᠯᠵᠦ᠂ ᠲᠤᠬᠠᠶ ᠶᠢᠨ ᠲᠠᠯᠠᠪᠤᠷ ᠤᠨ ᠠᠯᠠᠭ᠎ᠠ ᠲᠡᠰᠢᠯᠲᠡ ᠶᠢᠨ ᠲᠠᠭᠤᠨ ᠪᠠ ᠢᠨᠢᠶᠡᠳᠦ ᠶᠢᠨ ᠳᠤᠮᠳᠠ ᠬᠥᠷ ᠨᠠᠷᠭᠢᠶᠠᠨ ᠲᠠᠢ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠦᠷᠭᠦᠯᠵᠢᠯᠡᠨ ᠡᠯ᠎ᠡ ᠠᠵᠢᠯ ᠲᠦᠷᠦᠯ᠂ ᠡᠯ᠎ᠡ ᠠᠵᠢᠯ ᠤᠨ ᠪᠠᠶᠢᠷᠢ ᠳᠤ ᠴᠣᠯᠭᠤᠷᠠᠨ ᠭᠠᠷᠤᠭᠰᠠᠨ ᠲᠡᠷᠢᠭᠦᠨ ᠤ ᠡᠮᠡᠭᠲᠡᠢ ᠠᠵᠢᠯᠳᠠᠨ ᠠᠵᠢᠯᠴᠢᠨ ᠤ ᠬᠠᠮᠲᠤ ᠨᠡᠶᠢᠳᠡ ᠪᠣᠯᠤᠨ ᠬᠤᠪᠢ ᠬᠥᠮᠦᠨ ᠢ ᠶᠡᠬᠡᠪᠡᠷ ᠤᠬᠠᠭᠤᠯᠵᠤ᠂ ᠨᠡᠩ ᠤᠯᠠᠨ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠂ ᠭᠠᠪᠢᠶ᠎ᠠ ᠪᠠᠶᠢᠭᠤᠯᠤᠨ ᠦᠢᠯᠡᠰ ᠪᠤᠰᠬᠠᠵᠦ ᠬᠥᠭᠵᠢᠯᠲᠡ ᠶᠢ ᠡᠷᠢᠯᠬᠢᠯᠡᠬᠦ ᠶᠢ ᠵᠣᠷᠢᠭᠵᠢᠭᠤᠯᠵᠤ᠂ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠡᠮᠡᠷᠢᠯᠡᠨ᠎ᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号