ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠪᠦᠯᠬᠦᠮ ᠤᠨ ᠤᠳᠬ᠎ᠠ ᠤᠷᠠᠯᠢᠭ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/12
     ᠨᠠᠶᠢᠷᠠᠯ ᠳᠠᠭᠤᠤ ᠪᠣᠯ ᠪᠦᠯᠬᠦᠮᠳᠡᠯ ᠢ ᠬᠠᠷᠠᠭᠤᠯᠵᠤ᠂ ᠬᠠᠮᠵᠢᠯᠴᠠᠬᠤ ᠵᠣᠷᠢᠭ ᠰᠠᠨᠠᠭᠠᠨ ᠤ ᠲᠣᠭᠯᠠᠯᠲᠠ ᠶᠢᠨ ᠬᠡᠯᠪᠡᠷᠢ ᠮᠦᠨ᠂ ᠲᠡᠷᠡ ᠨᠢ ᠤᠷᠳᠤ ᠬᠤᠭᠤᠴᠠᠭᠠᠨ ᠤ ᠬᠠᠮᠵᠢᠯᠴᠠᠯᠭ᠎ᠠ ᠶᠢ ᠬᠥᠭᠡᠭᠡᠴᠡᠯᠳᠦᠳᠡᠭ᠃ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠵᠤ᠂ ᠨᠠᠰᠤᠲᠠᠶᠢᠴᠤᠳ ᠤᠨ ᠬᠤᠭᠤᠷᠣᠨᠳᠣᠬᠢ ᠰᠣᠯᠢᠯᠴᠠᠭ᠎ᠠ ᠪᠠ ᠨᠥᠬᠦᠷᠯᠡᠯ ᠢ ᠵᠤᠵᠠᠭᠠᠳᠬᠠᠵᠤ᠂ ᠨᠠᠰᠤᠲᠠᠶᠢᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ ᠶᠢᠨ ᠲᠥᠯᠥᠭᠡ᠂ ᠣᠶᠢᠷ᠎ᠠ ᠳᠤ᠂ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠢᠦᠢ ᠴᠢᠤᠸᠠᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠬᠤᠯᠪᠣᠭᠠᠯᠠᠨ᠂ ᠴᠠᠩ ᠾᠧ ᠯᠠᠩ ᠤᠨ ᠨᠠᠶᠢᠷᠠᠯ ᠳᠠᠭᠤᠤ ᠶᠢᠨ ᠪᠦᠯᠬᠦᠮ ᠤᠨ ᠠᠪᠠᠭ᠎ᠠ ᠠᠨᠢᠶ᠎ᠠ ᠨᠠᠷ ᠢ ᠤᠷᠢᠵᠤ᠂ ᠴᠠᠩ ᠾᠧ ᠯᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠪᠦᠯᠬᠦᠮ ᠤᠨ ᠤᠳᠬ᠎ᠠ ᠤᠷᠠᠯᠢᠭ ᠤᠨ ᠠᠵᠢᠯᠯᠠᠭ᠎ᠠ︾ ᠶᠢ ᠬᠠᠮᠲᠤ ᠪᠠᠷ ᠡᠷᠭᠢᠯᠡᠪᠡ᠃
     ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠪᠦᠯᠬᠦᠮ ᠤᠨ ᠭᠡᠰᠢᠭᠦᠳ ᠡᠩ ᠤᠨ ᠡᠳᠦᠷ ᠤᠨ ᠰᠣᠷᠢᠯᠲᠠ ᠳᠤ ᠰᠡᠳᠬᠢᠯ ᠲᠠᠯᠪᠢᠨ ᠣᠷᠣᠯᠴᠠᠵᠤ᠂ ᠳᠠᠭᠤᠯᠠᠬᠤ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠭᠦᠰ ᠰᠠᠶᠢᠬᠠᠨ ᠡᠶ᠎ᠡ ᠵᠣᠬᠢᠴᠠᠯ ᠢ ᠬᠥᠭᠡᠭᠡᠴᠡᠯᠳᠦᠳᠡᠭ᠃ ᠨᠠᠶᠢᠷᠠᠯ ᠳᠠᠭᠤᠤ ᠶᠢᠨ ᠠᠶ᠎ᠠ ᠨᠢ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠡᠷᠲᠡᠨ ᠤ ᠰᠣᠩᠭᠤᠳᠠᠭ ᠪᠦᠲᠦᠭᠡᠯ ᠪᠠᠶᠢᠬᠤ ᠪᠥᠭᠡᠳ ᠠᠮᠢᠵᠢᠷᠠᠯ ᠤᠨ ᠬᠦᠴᠦᠨ ᠢᠶᠠᠷ ᠲᠡᠭᠦᠯᠳᠡᠷ ᠣᠲᠣ ᠦᠶ᠎ᠡ ᠶᠢᠨ ᠳᠠᠭᠤᠤ ᠴᠤ ᠪᠠᠶᠢᠳᠠᠭ᠃ ᠳᠠᠭᠤᠤ ᠶᠢᠨ ᠳᠤᠮᠳᠠ ᠲᠡᠳᠡ ᠬᠠᠯᠠᠭᠤᠨ ᠳᠤᠯᠠᠭᠠᠨ ᠪᠠ ᠪᠠᠶᠠᠷ ᠪᠠᠭ᠋ᠠᠳᠤᠯ ᠢ ᠳᠠᠮᠵᠢᠭᠤᠯᠵᠤ᠂ ᠣᠯᠠᠨ ᠢ ᠳᠠᠭᠤᠤ ᠬᠥᠭᠵᠢᠮ ᠤᠨ ᠳᠠᠯᠠᠶ ᠳᠤ ᠰᠣᠭᠲᠣᠭᠤᠷᠠᠭᠤᠯᠵᠤ᠂ ᠨᠠᠶᠢᠷᠠᠯ ᠳᠠᠭᠤᠤ ᠶᠢᠨ ᠤᠷᠠᠯᠢᠭ ᠤᠨ ᠬᠢᠵᠠᠭᠠᠯᠠᠰᠢ ᠦᠭᠡᠶ ᠷᠢᠳᠢ ᠰᠢᠳᠢ ᠶᠢ ᠮᠡᠳᠡᠷᠡᠭᠦᠯᠪᠡ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠡᠳᠡᠨ ᠳᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠪᠡᠶ᠎ᠡ ᠰᠡᠳᠬᠢᠯ ᠢ ᠠᠭᠤᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠤᠷᠠᠯᠢᠭ ᠤᠨ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠥᠪᠡᠷ ᠤᠨ ᠢᠲᠡᠭᠡᠯ ᠵᠣᠷᠢᠭ ᠪᠠ ᠬᠠᠷᠢᠶᠠᠯᠠᠭᠳᠠᠬᠤ ᠰᠡᠳᠬᠢᠯᠭᠡ ᠶᠢ ᠨᠢ ᠨᠡᠮᠡᠭᠳᠡᠭᠦᠯᠦᠭᠰᠡᠨ ᠪᠠᠶᠢᠨ᠎ᠠ᠃ ᠠᠵᠢᠯᠯᠠᠭ᠎ᠠ ᠶᠢ ᠥᠷᠨᠢᠭᠦᠯᠬᠦ ᠨᠢ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠳᠤ ᠠᠰᠢᠭᠲᠠᠶ ᠪᠠᠶᠢᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠵᠠᠶ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号