︽ᠬᠤᠶᠠᠳᠤᠭᠠᠷ ᠰᠠᠷ᠎ᠠ ᠶᠢᠨ ᠬᠤᠶᠠᠷ︾ ᠤᠨ ᠡᠳᠦᠷ ᠪᠣᠯ ᠳᠤᠮᠳᠠᠳᠤ ᠤᠯᠤᠰ ᠤᠨ ᠠᠷᠠᠳ ᠤᠨ ᠤᠯᠠᠮᠵᠢᠯᠠᠯᠲᠤ | ᠪᠠᠶᠠᠷ ᠤᠨ ᠡᠳᠦᠷ ᠪᠠᠶᠢᠵᠤ᠂ ︽ᠯᠣᠤ ᠶᠢᠨ ᠲᠣᠯᠣᠭᠠᠶ ᠥᠨᠳᠡᠶᠢᠬᠦ︾ ᠭᠡᠳᠡᠭ᠂ ᠡᠨᠡ ᠨᠢ ᠬᠠᠪᠤᠷ ᠤᠨ ᠤᠯᠠᠷᠢᠯ ᠪᠤᠯᠵᠤ | ᠲᠦᠮᠡᠨ ᠪᠣᠳᠠᠰ ᠠᠮᠢᠯᠠᠨ ᠰᠡᠷᠭᠦᠬᠦ ᠶᠢ ᠪᠡᠯᠭᠡᠳᠡᠵᠦ ᠪᠠᠶᠢᠳᠠᠭ᠃ 3 ᠳ᠋ᠤᠭᠠᠷ ᠰᠠᠷ᠎ᠠ ᠶᠢᠨ 11 ᠤ ᠡᠳᠦᠷ᠂ ᠢᠦᠶ | ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠤᠶᠠᠳᠤᠭᠠᠷ ᠰᠠᠷ᠎ᠠ ᠶᠢᠨ | ᠯᠣᠤ ᠶᠢᠨ ᠲᠣᠯᠣᠭᠠᠶ ᠥᠨᠳᠡᠶᠢᠬᠦ ᠠᠵᠢᠯᠯᠠᠭ᠎ᠠ ᠦᠷᠨᠢᠭᠦᠯᠵᠦ᠂ ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ | ᠰᠣᠶᠣᠯ ᠢ ᠳᠡᠯᠭᠡᠨ ᠦᠵᠡᠭᠦᠯᠵᠡᠶ᠃ | | | | | | | | ᠲᠤᠰ ᠤᠳᠠᠭᠠᠨ ᠤ ᠠᠵᠢᠯᠯᠠᠭ᠎ᠠ ᠳᠤ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ᠂ ᠠᠯᠪᠠᠨ | ᠵᠢᠷᠤᠮ ᠤᠨ ᠦᠰᠦ ᠬᠠᠶᠢᠴᠢᠯᠠᠨ ᠵᠠᠰᠠᠬᠤ᠂ ᠰᠢᠬᠢᠷᠲᠦ ᠬᠤᠯᠤ ᠬᠢᠬᠦ᠂ ᠪᠣᠳᠠᠰ ᠤᠨ ᠪᠤᠰᠤ ᠰᠣᠶᠣᠯ ᠤᠨ ᠥᠪ ᠤᠨ | ᠴᠠᠭᠠᠰᠤᠨ ᠬᠠᠶᠢᠴᠢᠯᠠᠮᠠᠯ ᠬᠢᠬᠦ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ ᠳᠠᠭᠤᠯᠠᠨ ᠲᠣᠭᠯᠠᠬᠤ ᠵᠡᠷᠭᠡ | ᠠᠭᠤᠯᠭ᠎ᠠ ᠪᠠᠭᠲᠠᠵᠤ᠂ ︽ᠲᠣᠭᠤᠭᠠᠴᠢ︾ ᠲᠤᠬᠠᠢ ᠶᠢᠨ ᠲᠠᠯᠠᠪᠠᠢ ᠳᠤ ᠰᠢᠬᠢᠷ ᠤᠨ ᠰᠢᠩᠭᠡᠨ ᠢ ᠴᠢᠨᠠᠵᠤ᠂ ᠬᠡᠯᠬᠢᠭᠰᠡᠨ | ᠰᠢᠬᠢᠷᠲᠦ ᠬᠤᠯᠤ ᠶᠢ ᠥᠳᠬᠡᠨ ᠰᠢᠬᠢᠷ ᠤᠨ ᠰᠢᠩᠭᠡᠨ ᠳᠤ ᠨᠢᠭᠡ ᠦᠩᠭᠦᠷᠢᠭᠦᠯᠬᠦ ᠳᠤ᠂ ᠰᠢᠬᠢᠷᠲᠦ ᠬᠤᠯᠤ ᠳᠡᠭᠡᠷ᠎ᠡ | ᠵᠣᠪ ᠵᠤᠵᠠᠭᠠᠨ ︽ᠰᠢᠬᠢᠷᠲᠦ ᠬᠤᠪᠴᠠᠰᠤ︾ ᠣᠷᠢᠶᠠᠵᠤ᠂ ᠳᠠᠷᠠᠭ᠎ᠠ ᠨᠢ ᠰᠢᠬᠢᠷ ᠤᠨ ᠰᠢᠩᠭᠡᠨ ᠤ ᠴᠠᠷᠴᠠᠬᠤ ᠶᠢ | ᠬᠦᠯᠢᠶᠡᠵᠦ᠂ ᠨᠢᠭᠡ ᠨᠢᠭᠡ ᠴᠡᠪᠡᠷ ᠲᠤᠩᠭᠠᠯᠠᠭ ᠰᠢᠬᠢᠷᠲᠦ ᠬᠤᠯᠤ ︽ᠰᠢᠨ᠎ᠡ ᠪᠠᠷ ᠭᠠᠷᠴᠤ ᠢᠷᠡᠬᠦ︾ ᠶᠢ ᠲᠤᠯᠭᠠᠮ᠎ᠠ | ᠠᠮᠲᠠᠯᠠᠵᠤ᠂ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠢ᠃ | | | | | | | | ᠲᠤᠰ ᠤᠳᠠᠭᠠᠨ ᠤ ᠠᠵᠢᠯᠯᠠᠭ᠎ᠠ ᠨᠢ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠤᠨ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ | ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠢᠦᠢ ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ | ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠠᠭ ᠰᠠᠶᠢᠬᠠᠨ ᠶᠠᠪᠤᠭᠳᠠᠵᠤ᠂ ᠬᠤᠷ᠎ᠠ ᠪᠣᠷᠣᠭᠠᠨ ᠲᠡᠭᠰᠢ᠂ ᠲᠠᠪᠤᠨ ᠲᠠᠷᠢᠶ᠎ᠠ | ᠡᠯᠪᠡᠭ ᠳᠡᠯᠪᠡᠭ ᠪᠣᠯᠬᠤ ᠶᠢ ᠬᠦᠰᠡᠭᠰᠡᠨ ᠵᠢᠴᠢ ᠰᠠᠭᠤᠭᠠᠯᠢ ᠠᠷᠠᠳ ᠤᠨ ᠠᠮᠢᠳᠤᠷᠠᠯ ᠢ ᠰᠢᠬᠢᠷᠲᠦ ᠬᠤᠯᠤ ᠰᠢᠭ᠋ ᠵᠣᠯ | ᠵᠢᠷᠭᠠᠯ ᠲᠠᠢ ᠪᠣᠯᠭᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠬᠦ ᠶᠢᠨ ᠲᠥᠯᠥᠭᠡ ᠶᠤᠮ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |