ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/13
     ᠯᠸᠢ ᠹᠧᠩ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠵᠠᠯᠭᠠᠮᠵᠢᠯᠠᠵᠤ᠂ ᠯᠸᠢ ᠹᠧᠩ ᠤᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠳᠡᠵᠦ᠂ ︽ᠯᠸᠢ ᠹᠧᠩ ᠠᠴᠠ ᠰᠤᠷᠤᠯᠴᠠᠬᠤ︾ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠶ ᠭᠡᠷᠡᠯ ᠭᠢᠯᠪᠠᠭ᠎ᠠ ᠲᠠᠢ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠭᠠᠷ ᠬᠤᠯᠪᠣᠯᠴᠠᠨ᠂ ᠾᠦᠢ ᠬᠤᠤ ᠲᠢᠶᠠᠨ ᠰᠢᠶᠠ᠂ ᠪᠢᠨ ᠵᠢᠶᠠᠩ ᠴᠡᠴᠡᠷᠯᠢᠭ ᠵᠡᠷᠭᠡ ᠬᠤᠷᠢᠶᠠᠯᠠᠯ ᠳᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠭᠤᠣᠯ ᠰᠡᠳᠦᠪᠲᠦ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠡᠮᠬᠢ ᠳᠢᠭᠯᠢᠮ ᠲᠠᠢ᠂ ᠦᠳᠲᠡᠷ ᠲᠦᠷᠭᠡᠨ ᠬᠥᠳᠡᠯᠦᠯᠴᠡᠵᠦ᠂ ᠵᠠᠮ ᠤᠨ ᠲᠥᠪ ᠠᠴᠠ ᠲᠠᠷᠬᠠᠭᠠᠭᠰᠠᠨ ᠤ ᠳᠠᠷᠠᠭ᠎ᠠ᠂ ᠲᠤᠰ ᠲᠤᠰ ᠲᠠᠭᠠᠨ ᠱᠦᠭᠦᠷ ᠪᠠ ᠵᠢᠵᠢᠭ ᠲᠡᠮᠦᠷ ᠬᠤᠰᠤᠭᠤᠷ ᠵᠡᠷᠭᠡ ᠪᠠᠭᠠᠵᠢ ᠬᠡᠷᠡᠭᠰᠡᠯ ᠢ ᠠᠪᠴᠤ᠂ ᠵᠠᠮ ᠢ ᠪᠦᠬᠦ ᠲᠠᠯ᠎ᠠ ᠪᠠᠷ ᠴᠡᠪᠡᠷᠯᠡᠬᠦ ᠶᠢᠨ ᠬᠠᠮᠲᠤ ᠡᠩ ᠤᠨ ᠴᠠᠭ ᠲᠤ ᠠᠮᠠᠷᠬᠠᠨ ᠣᠮᠲᠣᠭᠠᠶᠢᠯᠠᠳᠠᠭ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠢ ᠴᠡᠪᠡᠷᠯᠡᠵᠦ᠂ ᠵᠢᠵᠢᠭ ᠵᠠᠷ ᠮᠡᠳᠡᠭᠡ ᠶᠢ ᠴᠡᠭᠴᠡᠯᠡᠨ ᠵᠠᠰᠠᠵᠤ᠂ ᠪᠠᠰᠠ ᠳᠤᠷ᠎ᠠ ᠪᠠᠷ ᠢᠶᠠᠨ ᠵᠤᠭᠰᠤᠭᠠᠭᠰᠠᠨ ᠮᠠᠰᠢᠨᠲᠤ ᠪᠤᠰᠤ ᠲᠡᠷᠭᠡ ᠶᠢ ᠲᠣᠭᠲᠠᠭᠰᠠᠨ ᠲᠡᠷᠭᠡᠨ ᠵᠣᠭᠰᠣᠭᠠᠯ ᠤᠨ ᠱᠤᠭᠤᠮ ᠳᠤ ᠨᠡᠭᠦᠯᠭᠡᠪᠡ᠃ ᠬᠡᠳᠦ᠋ᠢᠪᠡᠷ ᠬᠦᠢᠲᠡᠨ ᠪᠤᠯᠪᠠᠴᠤ ᠬᠥᠳᠡᠯᠮᠦᠷᠢ ᠶᠢᠨ ᠳᠤᠮᠳᠠ ᠬᠥᠯᠥᠰᠥ ᠭᠠᠷᠴᠤ᠂ ᠰᠠᠶᠢᠨ ᠳᠤᠷ᠎ᠠ ᠶᠢᠨ ᠠᠵᠢᠯᠯᠠᠭᠴᠢᠳ ᠤᠨ ᠬᠠᠯᠠᠭᠤᠨ ᠰᠡᠳᠬᠢᠯᠭᠡ ᠮᠥᠨ ᠯᠡ ᠪᠠᠭᠤᠷᠠᠭ᠎ᠠ ᠦᠭᠡᠢ ᠪᠠᠶᠢᠵᠤ᠂ ᠰᠢᠷᠭᠠᠭᠤ ᠬᠠᠲᠠᠭᠤᠵᠢᠯᠲᠠᠢ ᠬᠥᠳᠡᠯᠮᠦᠷᠢ ᠪᠠᠷ ᠢᠶᠠᠨ ᠭᠡᠷ ᠣᠷᠣᠨ ᠢᠶᠠᠨ ᠴᠢᠮᠡᠭᠯᠡᠵᠦ ᠪᠠᠶᠢᠯ᠎ᠠ᠃
     ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠣᠷᠴᠢᠨ ᠲᠤᠭᠤᠷᠢᠨ ᠤ ᠠᠷᠢᠭᠤᠨ ᠴᠡᠪᠡᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠠᠮᠤᠷ ᠲᠦᠪᠰᠢᠨ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠬᠤᠶᠢᠰᠢᠳᠠ᠂ ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠬᠢᠨ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠪᠠᠨ ᠲᠡᠷᠢᠭᠦᠨ ᠤ ᠬᠥᠮᠦᠰ ᠪᠠ ᠦᠢᠯᠡ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠶ ᠪᠠᠷ ᠢᠯᠡᠷᠡᠭᠦᠯᠵᠦ᠂ ᠴᠠᠭ ᠲᠤᠬᠠᠶ ᠳᠤᠨᠢ ᠰᠠᠶᠢᠲᠤᠷ ᠤᠬᠠᠭᠤᠯᠵᠤ᠂ ᠳᠡᠷᠭᠡᠳᠡᠬᠢ ᠳᠠᠭᠤᠷᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃ ᠡᠭᠦᠨ ᠤ ᠵᠡᠷᠭᠡ ᠳᠤ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠡᠶ᠎ᠡ ᠵᠣᠬᠢᠴᠠᠯ ᠲᠠᠢ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号