ᠹᠧᠩ ᠽᠧ ᠸᠠᠨ ᠨᠡᠶᠢᠭᠡᠮ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/13
     ᠣᠶᠢᠷ᠎ᠠ ᠳᠤ᠂ ᠹᠧᠩ ᠽᠧ ᠸᠠᠨ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠬᠠᠮᠲᠤᠷᠠᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠤᠬᠠᠮᠰᠠᠷ ᠠᠴᠠ ᠪᠠᠨ᠂ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠵᠤ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠳᠠᠳᠬᠠᠯ ᠵᠢᠴᠢ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠲᠠᠢ ᠪᠣᠯᠭᠠᠬᠤ ᠪᠠᠷ ᠬᠥᠮᠦᠵᠢᠭᠦᠯᠵᠡᠶ᠃      ᠰᠠᠶᠢᠨ ᠳᠤᠷ᠎ᠠ ᠶᠢᠨ ᠠᠵᠢᠯᠯᠠᠭᠴᠢᠳ ᠹᠧᠩ ᠽᠧ ᠸᠠᠨ ᠬᠤᠷᠢᠶᠠᠯᠠᠯ ᠪᠣᠯᠤᠨ ᠰᠢᠶᠠᠩ ᠰᠦᠩ ᠬᠤᠷᠢᠶᠠᠯᠠᠯ ᠳᠤ ᠬᠦᠷᠴᠦ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠶᠢ ᠢᠳᠡᠪᠬᠢᠲᠡᠢ ᠲᠠᠷᠬᠠᠭᠠᠵᠤ᠂ ︽ᠶᠠᠭᠤᠨ ᠳᠤ ᠬᠤᠭ ᠨᠣᠪᠰᠢ ᠶᠢ ᠲᠦᠷᠦᠯ ᠬᠤᠪᠢᠶᠠᠬᠤ ᠪᠤᠢ︾᠂ ︽ᠬᠤᠭ ᠨᠣᠪᠰᠢ ᠶᠢ ᠬᠡᠷᠬᠢᠨ ᠲᠦᠷᠦᠯ ᠬᠤᠪᠢᠶᠠᠬᠤ ᠪᠤᠢ︾᠂ ︽ᠬᠤᠭ ᠨᠣᠪᠰᠢ ᠶᠢ ᠲᠦᠷᠦᠯ ᠬᠤᠪᠢᠶᠠᠬᠤ ᠠᠴᠢ ᠬᠤᠯᠪᠣᠭᠳᠠᠯ︾ ᠵᠡᠷᠭᠡ ᠬᠡᠳᠦᠨ ᠲᠠᠯ᠎ᠠ ᠠᠴᠠ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠬᠤᠭ ᠨᠣᠪᠰᠢ ᠶᠢᠨ ᠣᠷᠴᠢᠨ ᠲᠣᠭᠤᠷᠢᠨ ᠪᠣᠯᠤᠨ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠤᠯᠠᠨ ᠳᠤ ᠬᠡᠯᠡᠵᠦ ᠥᠭᠪᠡ᠃ ᠳᠠᠷᠠᠭ᠎ᠠ ᠳᠤᠨᠢ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ᠂ ᠬᠤᠷᠢᠶᠠᠨ ᠠᠪᠴᠤ ᠪᠣᠯᠬᠤ ᠪᠣᠳᠠᠰ ᠵᠢᠴᠢ ᠬᠤᠣᠷᠲᠠᠢ ᠬᠤᠭ ᠨᠣᠪᠰᠢ ᠶᠢ ᠬᠡᠷᠬᠢᠨ ᠢᠯᠭᠠᠬᠤ ᠶᠢ ᠨᠠᠷᠢᠨ ᠲᠠᠶᠢᠯᠪᠤᠷᠢᠯᠠᠵᠤ᠂ ᠬᠤᠭ ᠨᠣᠪᠰᠢ ᠶᠢ ᠨᠡᠩ ᠣᠨᠣᠪᠴᠢᠲᠠᠶ ᠪᠠᠷ ᠠᠩᠭᠢᠯᠠᠵᠤ ᠴᠢᠳᠠᠬᠤ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠭ ᠨᠣᠪᠰᠢ︾ ᠶᠢ ᠬᠡᠷᠬᠢᠨ ᠲᠥᠷᠥᠯ ᠬᠤᠪᠢᠶᠠᠬᠤ ᠶᠢ ᠣᠶᠢᠯᠠᠭᠠᠭᠤᠯᠵᠤ᠂ ᠡᠭᠦᠨ ᠤ ᠤᠯᠠᠮ ᠠᠴᠠ ᠣᠷᠴᠢᠨ ᠲᠤᠭᠤᠷᠢᠨ ᠢ ᠨᠠᠩ ᠢᠯᠡᠭᠦᠤ ᠬᠠᠶᠢᠷᠠᠯᠠᠨ ᠬᠠᠮᠠᠭᠠᠯᠠᠵᠤ᠂ ᠪᠠᠭ᠎ᠠ ᠨᠡᠭᠦᠷᠡᠰᠦᠳᠦ᠋ᠷᠦᠭᠴᠢᠲᠦ ᠠᠮᠢᠳᠤᠷᠠᠯ ᠢ ᠦᠢᠯᠡᠳᠦᠯᠭᠡᠵᠢᠭᠦᠯᠦᠭᠰᠡᠨ ᠪᠠᠶᠢᠨ᠎ᠠ᠃ ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠥᠭᠡᠳ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠢᠳᠡᠪᠬᠢᠵᠢᠯ ᠪᠠ ᠣᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠭᠰᠡᠨ ᠪᠠᠶᠢᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号