ᠲᠢᠶᠠᠨ ᠵᠢᠶᠤᠤ ᠨᠡᠶᠢᠭᠡᠮ ᠲᠣᠭᠤᠷᠢᠭ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ ᠠᠮᠢ ᠨᠠᠰᠤ ᠶᠢ ᠳᠡᠭᠡᠳᠦᠯᠡᠬᠦ︾ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2024/3/14
     ᠨᠡᠶᠢᠭᠡᠮ ᠲᠣᠭᠤᠷᠢᠭ ᠤᠨ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠲᠦᠷᠦᠭᠦᠬᠡᠨ᠂ ᠲᠢᠶᠠᠨ ᠵᠢᠶᠤᠤ ᠨᠡᠶᠢᠭᠡᠮ ᠲᠣᠭᠤᠷᠢᠭ ᠤᠨ ᠬᠢᠨ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ ᠠᠮᠢ ᠨᠠᠰᠤ ᠶᠢ ᠳᠡᠭᠡᠳᠦᠯᠡᠬᠦ︾ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠲᠠᠶᠢᠯᠤᠮᠵᠢ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠤᠨ ᠲᠠᠶᠢᠯᠪᠤᠷᠢᠯᠠᠭᠴᠢ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠵᠠᠷᠴᠢᠮ ᠶᠣᠰᠣᠭᠠᠷ᠂ ᠬᠡᠷ ᠪᠦᠯᠢ ᠶᠢᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠲᠠᠷᠬᠠᠭᠠᠨ ᠠᠮᠢ ᠵᠢᠭᠤᠲᠠᠬᠤ ᠦᠨᠳᠦᠰᠦᠨ ᠶᠡᠷᠦ ᠶᠢᠨ ᠮᠡᠳᠡᠯᠭᠡ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠡᠳᠦᠷ ᠲᠤᠲᠤᠮ ᠤᠨ ᠠᠮᠢᠳᠤᠷᠠᠯ ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠵᠠᠮ ᠱᠤᠭᠤᠮ ᠬᠠᠭᠤᠴᠢᠷᠠᠵᠤ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠣᠯᠠᠨ ᠳᠤ ᠰᠠᠨᠠᠭᠤᠯᠪᠠ᠃ ᠡᠭᠦᠨ ᠤ ᠵᠡᠷᠭᠡ ᠳᠤ ᠪᠠᠰᠠ ᠣᠶᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠲᠤᠬᠠᠶ ᠭᠡᠷᠡᠯ ᠵᠢᠷᠤᠭ᠂ ᠳᠦᠷᠰᠦ ᠰᠢᠩᠭᠡᠭᠡᠯᠲᠡ᠂ ᠬᠥᠮᠦᠨ ᠢ ᠰᠣᠴᠢᠭᠠᠮ᠎ᠠ ᠬᠡᠷᠡᠭ ᠤᠳ ᠢ ᠦᠵᠡᠵᠦ᠂ ᠣᠯᠠᠨ ᠳᠤ ᠭᠠᠯ ᠤᠨ ᠭᠠᠮᠰᠢᠭ ᠤᠨ ᠬᠤᠣᠷ ᠬᠥᠨᠥᠭᠡᠯ ᠢ ᠳᠠᠬᠢᠨ ᠨᠢᠭᠡ ᠤᠳᠠᠭ᠎ᠠ ᠰᠢᠭᠤᠳ ᠣᠶᠢᠯᠠᠭᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠲᠠᠨᠢᠭᠤᠯᠤᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠢᠶᠠᠨ ᠵᠢᠶᠤᠤ ᠨᠡᠶᠢᠭᠡᠮ ᠲᠣᠭᠤᠷᠢᠭ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠡᠯᠪᠡᠭ ᠪᠠᠶᠠᠯᠢᠭ ᠣᠯᠠᠨ ᠶᠠᠩᠵᠤ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠠᠵᠢᠯᠲᠠᠨ ᠵᠢᠴᠢ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠬᠠᠮᠢᠶ᠎ᠠ ᠪᠥᠬᠦᠶ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号