ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠨᠠᠰᠤᠨ ᠳᠤ ᠥᠯᠥ ᠬᠦᠷᠦᠭᠰᠡᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/14
     ᠲᠦᠷᠦᠭᠦᠬᠡᠨ᠂ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ  ᠶᠢᠨ ᠥᠷᠲᠡᠭᠡ ᠳᠤ ᠨᠢᠭᠡ ᠪᠦᠯᠦᠭ ᠣᠨᠴᠠᠭᠠᠶ ᠵᠣᠴᠢᠨ — ᠢᠦᠶ ᠴᠢᠤᠸᠠᠨ ᠲᠣᠭᠤᠷᠢᠭ ᠤᠨ ᠳᠧᠦ ᠳ᠋ᠤᠤ ᠭᠤᠲᠤᠮᠵᠢ ᠪᠠᠭ᠎ᠠ ᠰᠤᠷᠭᠠᠭᠤᠯᠢ ᠶᠢᠨ ᠬᠡᠤᠬᠡᠳ ᠤᠳ ᠢ ᠤᠭᠲᠤᠨ ᠠᠪᠴᠢᠷᠠᠯ᠎ᠠ᠃ ᠲᠡᠳᠡ ᠤᠯᠠᠭᠠᠨ ᠪᠦᠴᠡ ᠵᠡᠭᠦᠵᠦ᠂ ᠬᠠᠯᠠᠭᠤᠨ ᠰᠡᠳᠬᠢᠯᠭᠡ ᠪᠠ ᠬᠦᠰᠡᠯ ᠡᠷᠡᠮᠡᠯᠵᠡᠯ ᠢᠶᠠᠷ ᠪᠢᠯᠬᠠᠵᠤ᠂ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠪᠠᠷ ᠪᠡᠯᠡᠳᠬᠡᠵᠦ ᠪᠠᠶᠢᠯ᠎ᠠ᠃
     ᠲᠣᠰ ᠤᠳᠠᠭᠠᠨ ᠤ ᠠᠵᠢᠯᠯᠠᠭ᠎ᠠ ᠨᠢ ᠪᠡᠶ᠎ᠡ ᠪᠠᠷ ᠢᠶᠠᠨ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠬᠡᠤᠬᠡᠳ ᠤᠳ ᠢ ᠬᠥᠲᠥᠯᠥᠨ ᠵᠢᠯᠣᠭᠤᠳᠴᠤ ᠪᠠᠶᠢᠭᠠᠳ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠵᠠᠯᠭᠠᠮᠵᠢᠯᠠᠭᠤᠯᠵᠤ᠂ ᠬᠠᠶᠢᠷ᠎ᠠ ᠬᠠᠯᠠᠮᠵᠢ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠬᠤ ᠶᠠᠪᠤᠴᠠ ᠳᠤ ᠠᠭᠤᠰᠬᠠᠪᠠ᠃ ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠬᠡᠦᠬᠡᠳ ᠤᠳ ᠯᠸᠢ ᠹᠧᠩ ᠤᠨ ᠡᠳᠦᠷ ᠤᠨ ᠲᠡᠮᠳᠡᠭᠯᠡᠯ ᠤᠨ ᠬᠡᠰᠡᠭ ᠪᠠᠳᠠᠭ ᠢ ᠤᠩᠰᠢᠵᠤ᠂ ᠬᠠᠶᠢᠷ᠎ᠠ ᠬᠠᠯᠠᠮᠵᠢ ᠪᠠ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ ᠪᠠᠷ ᠪᠢᠯᠬᠠᠮ᠎ᠠ ᠦᠰᠦᠭ ᠪᠢᠴᠢᠭ ᠨᠢ ᠲᠤᠬᠠᠶ ᠶᠢᠨ ᠲᠠᠯᠠᠪᠠᠶ ᠳᠤ ᠪᠠᠶᠢᠭᠰᠠᠨ ᠪᠦᠬᠦ ᠬᠥᠮᠦᠰ ᠤᠨ ᠰᠡᠳᠬᠢᠯ ᠢ ᠭᠦᠨ᠎ᠡ ᠬᠥᠳᠡᠯᠭᠡᠵᠦ᠂ ᠣᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠯᠸᠢ ᠹᠧᠩ ᠤᠨ ᠲᠡᠷᠡᠬᠦ ᠬᠠᠷᠠᠮ ᠦᠭᠡᠶ ᠵᠣᠷᠢᠭᠤᠯᠬᠤ᠂ ᠪᠤᠰᠤᠳ ᠢ ᠬᠠᠪᠰᠤᠷᠬᠤ ᠵᠣᠷᠢᠭ ᠰᠠᠨᠠᠭᠠᠨ ᠳᠤ ᠭᠦᠨ ᠨᠥᠯᠥᠭᠡᠯᠡᠭᠳᠡᠭᠰᠡᠨ ᠪᠠᠶᠢᠨ᠎ᠠ᠃
     ᠯᠸᠢ ᠹᠧᠩ ᠤᠨ ᠡᠳᠦᠷ ᠤᠨ ᠲᠡᠮᠳᠡᠭᠯᠡᠯ ᠢ ᠤᠩᠰᠢᠵᠤ ᠪᠠᠷᠠᠭᠰᠠᠨ ᠤ ᠳᠠᠷᠠᠭ᠎ᠠ᠂ ᠬᠡᠦᠬᠡᠳ ᠤᠳ ᠬᠤᠰᠤᠭᠤᠷ᠂ ᠱᠦᠭᠦᠷ ᠪᠠ ᠬᠠᠪᠴᠢᠭᠤᠷ ᠠᠪᠴᠤ᠂ ᠣᠷᠴᠢᠨ ᠲᠤᠭᠤᠷᠢᠨ ᠢ ᠬᠠᠮᠠᠭᠠᠯᠠᠬᠤ ᠪᠢᠴᠢᠬᠠᠨ ᠬᠠᠮᠠᠭᠠᠯᠠᠭᠴᠢ ᠪᠣᠯᠵᠤ᠂ ᠨᠥᠬᠦᠷᠯᠡᠯ ᠬᠤᠷᠢᠶᠠᠯᠠᠯ ᠳᠤ ᠣᠷᠴᠢᠨ ᠲᠤᠭᠤᠷᠢᠨ ᠢ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠲᠡᠳᠡ ᠠᠵᠢᠯ ᠢᠶᠠᠨ ᠬᠤᠪᠢᠳᠠᠨ ᠬᠠᠮᠲᠤᠷᠠᠨ ᠠᠵᠢᠯᠯᠠᠵᠤ᠂ ᠬᠤᠷᠠᠭᠰᠠᠨ ᠴᠠᠰᠤ ᠪᠠ ᠬᠤᠭ ᠨᠣᠪᠰᠢ ᠶᠢ ᠴᠡᠪᠡᠷᠯᠡᠬᠦ᠂ ᠵᠠᠮ ᠤᠨ ᠬᠠᠵᠠᠭᠤ ᠳᠠᠬᠢ ᠬᠠᠶᠠᠭᠳᠠᠮᠠᠯ ᠪᠣᠳᠠᠰ ᠢ ᠲᠡᠭᠦᠬᠦ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠠᠷᠴᠢᠬᠤ ᠵᠡᠷᠭᠡ ᠡᠭᠦᠷᠭᠡ ᠶᠢ ᠪᠡᠶᠡᠯᠡᠭᠦᠯᠵᠡᠶ᠃ ᠬᠡᠦᠬᠡᠳ ᠤᠳ ᠤᠨ ᠬᠠᠯᠠᠭᠤᠨ ᠰᠡᠳᠬᠢᠯᠭᠡ ᠪᠠ ᠨᠠᠷᠢᠨ ᠬᠢᠨᠠᠮᠠᠭᠠᠶ ᠨᠢ ᠰᠠᠭᠤᠭᠠᠯᠢ ᠠᠷᠠᠳ ᠤᠨ ᠮᠠᠭᠲᠠᠭᠠᠯ ᠪᠠ ᠲᠠᠯᠠᠷᠬᠠᠯ ᠢ ᠣᠯᠤᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠯᠸᠢ ᠹᠧᠩ ᠤᠨ ᠵᠣᠷᠢᠭ ᠰᠠᠨᠠᠭᠠᠨ ᠤ ᠭᠤᠣᠯ ᠠᠭᠤᠯᠬᠤᠨ ᠢ ᠭᠦᠨᠵᠡᠭᠡᠶ ᠣᠶᠢᠯᠠᠭᠠᠭᠰᠠᠨ ᠢᠶᠠᠷ ᠪᠠᠷᠠᠬᠤ ᠦᠭᠡᠶ ᠪᠠᠰᠠ ᠦᠢᠯᠡᠳᠦᠯᠭᠡ ᠶᠢᠨ ᠳᠤᠮᠳᠠ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠬᠥᠮᠦᠵᠢᠭᠦᠯᠵᠡᠶ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠨᠢᠭᠡ ᠤᠳᠠᠭᠠᠨ ᠤ ᠠᠮᠢᠳᠤᠯᠢᠭ ᠪᠥᠭᠡᠳ ᠭᠦᠨ ᠭᠦᠨᠵᠡᠭᠡᠶ ᠰᠤᠷᠭᠠᠨ ᠬᠥᠮᠦᠵᠢᠯ ᠤᠨ ᠦᠢᠯᠡᠳᠦᠯᠭᠡ ᠪᠣᠯᠭᠠᠭᠰᠠᠨ ᠪᠠᠶᠢᠨ᠎ᠠ᠃      ᠬᠤᠶᠢᠰᠢᠳᠠ᠂ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠦᠷᠭᠦᠯᠵᠢᠯᠡᠨ ᠰᠤᠷᠭᠠᠭᠤᠯᠢ ᠪᠠ ᠨᠡᠶᠢᠭᠡᠮ ᠤᠨ ᠡᠯ᠎ᠡ ᠡᠲᠡᠭᠡᠳ ᠲᠠᠢ ᠭᠠᠷ ᠬᠤᠯᠪᠣᠯᠴᠠᠨ᠂ ᠨᠠᠩ ᠣᠯᠠᠨ ᠬᠡᠯᠪᠡᠷᠢ ᠮᠠᠶ᠋ᠢᠭ ᠣᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号