ᠭᠡᠷ ᠵᠠᠭᠤᠷ᠎ᠠ ᠶᠢᠨ ᠭᠠᠯ ᠤᠨ ᠠᠮᠤᠷ ᠲᠦᠪᠰᠢᠨ ᠤ ᠰᠠᠨᠠᠭᠤᠯᠤᠮᠵᠢ︕ ᠲᠠᠨ ᠳᠤ ᠡᠶᠢᠮᠦ ᠳᠠᠳᠬᠠᠯ ᠤᠳ ᠪᠠᠶᠢᠨ᠎ᠠ ᠤᠤ︖
ᠨᠡᠶᠢᠲᠡᠯᠡᠭᠰᠡᠨ ᠴᠠᠭ᠄
2024/3/14
      ᠡᠪᠦᠯ ᠬᠠᠪᠤᠷ ᠤᠨ ᠤᠯᠠᠷᠢᠯ ᠳᠤ ᠲᠡᠭᠷᠢ ᠬᠦᠢᠲᠡᠷᠡᠵᠦ ᠡᠳ᠋ ᠪᠣᠳᠠᠰ ᠬᠠᠭᠤᠷᠠᠶᠢᠰᠢᠭᠠᠳ᠂ ᠡᠯ᠎ᠡ ᠵᠦᠢᠯ ᠤᠨ ᠭᠠᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠡᠭᠦᠨ ᠳᠤ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠬᠠᠰᠢ ᠶᠠᠰᠢ ᠬᠠᠨᠳᠤᠵᠤ ᠣᠮᠲᠣᠭᠠᠶᠢᠯᠠᠵᠤ ᠪᠣᠯᠣᠰᠢ ᠦᠭᠡᠢ᠃ ᠠᠮᠢᠳᠤᠷᠠᠯ ᠳᠤᠮᠳᠠᠬᠢ ᠵᠠᠷᠢᠮ ᠨᠠᠷᠢᠨ ᠰᠢᠷᠢᠨ ᠵᠦᠢᠯᠡᠰ ᠢ ᠠᠩᠬᠠᠷᠤᠯ ᠳᠠᠭᠠᠨ ᠠᠪᠬᠤ ᠦᠭᠡᠢ ᠠᠴᠠ ᠪᠣᠯᠵᠤ᠂ ᠠᠮᠠᠷᠬᠠᠨ ᠭᠡᠷ ᠵᠠᠭᠤᠷ᠎ᠠ ᠶᠢᠨ ᠠᠮᠤᠷ ᠲᠦᠪᠰᠢᠨ ᠤ ᠭᠡᠮ ᠰᠣᠭᠤᠭ ᠢ ᠡᠭᠦᠰᠬᠡᠳᠡᠭ᠃
     ◆ ᠭᠠᠷ ᠤᠲᠠᠰᠤ ᠴᠡᠨᠡᠭᠯᠡᠭᠴᠢ ᠪᠠᠨ ᠰᠠᠯᠭᠠᠵᠤ ᠲᠠᠯᠪᠢᠬᠤ ᠦᠭᠡᠢ      ◆ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠤᠨ ᠭᠤᠳᠤᠮᠵᠢ ᠪᠤᠶᠤ ᠭᠡᠷ ᠲᠡᠭᠡᠨ ᠣᠷᠣᠭᠤᠯᠬᠤ      ◆ ᠭᠠᠯ ᠢᠶᠠᠨ ᠬᠠᠭᠠᠬᠤ ᠦᠭᠡᠢ ᠪᠠᠷ ᠲᠣᠭᠤᠭᠠᠨ ᠭᠡᠷ ᠠᠴᠠ ᠪᠠᠨ ᠰᠠᠯᠬᠤ      ◆ ᠲᠠᠮᠠᠬᠢᠨ ᠤ ᠶᠣᠵᠣᠭᠤᠷ ᠢᠶᠠᠨ ᠳᠤᠷ᠎ᠠ ᠪᠠᠷ ᠬᠠᠶᠠᠬᠤ      ◆ ᠠᠰᠠᠷ ᠳᠣᠲᠣᠷᠠᠬᠢ ᠨᠡᠶᠢᠲᠡ ᠶᠢᠨ ᠲᠣᠭᠤᠷᠢᠭ᠂ ᠠᠰᠠᠷ ᠤᠨ ᠣᠷᠣᠢ᠂ ᠨᠠᠷᠠᠪᠴᠢᠨ ᠳᠤ ᠡᠯᠳᠡᠪ ᠶᠠᠭᠤᠮ᠎ᠠ ᠣᠪᠣᠭᠠᠯᠠᠭᠰᠠᠨ ᠠᠴᠠ ᠪᠣᠯᠵᠤ᠂ ᠳᠤᠲᠠᠭᠠᠬᠤ ᠵᠠᠮ ᠪᠠ ᠠᠶᠤᠯᠭᠦᠢ ᠶᠢᠨ ᠭᠠᠷᠴᠠ ᠶᠢ ᠪᠥᠭᠯᠡᠬᠦ ᠵᠡᠷᠭᠡ᠃      ᠡᠳᠡᠭᠡᠷ ᠭᠠᠯ ᠤᠨ ᠠᠶᠤᠯ ᠤᠨ ᠭᠡᠮ ᠰᠣᠭᠤᠭ ᠲᠠᠢ ᠡᠷᠡᠭᠦᠯ ᠪᠤᠰᠤ ᠠᠮᠢᠳᠤᠷᠠᠯ ᠤᠨ ᠳᠠᠳᠬᠠᠯ ᠨᠢ ᠭᠡᠷ ᠪᠦᠯᠢ ᠶᠢᠨ ᠠᠮᠤᠷ ᠲᠦᠪᠰᠢᠨ ᠢ ᠴᠠᠭ ᠢᠮᠠᠭᠲᠠ ᠰᠦᠷᠳᠡᠭᠦᠯᠵᠦ ᠪᠠᠶᠢᠳᠠᠭ᠃
     ᠭᠠᠯ ᠤᠨ ᠠᠶᠤᠯ ᠢ ᠰᠡᠷᠭᠡᠶᠢᠯᠡᠬᠦ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠃ ᠡᠳᠦᠷ ᠲᠤᠳᠤᠮ ᠤᠨ ᠲᠤᠷᠰᠢ ᠭᠠᠯ ᠤᠨ ᠠᠶᠤᠯ ᠢ ᠰᠡᠷᠭᠡᠶᠢᠯᠡᠬᠦ ᠳᠤ ᠬᠥᠩᠭᠡᠨ ᠬᠠᠭᠤᠳᠠᠮ ᠢᠶᠠᠷ ᠬᠠᠨᠳᠤᠵᠤ ᠪᠤᠯᠬᠤ ᠦᠭᠡᠢ᠂ ᠳᠣᠣᠷᠠᠬᠢ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠵᠠᠪᠠᠯ ᠲᠠᠰᠤ ᠴᠡᠭᠡᠵᠢᠯᠡᠬᠦ ᠬᠡᠷᠡᠭᠲᠡᠢ᠃      ◆ ᠳᠤᠯᠠᠭᠠᠯᠠᠭ᠎ᠠ᠂ ᠬᠢᠰᠠ ᠶᠢᠨ ᠬᠠᠵᠠᠭᠤ ᠳᠤ ᠠᠮᠠᠷᠬᠠᠨ ᠨᠣᠴᠣᠬᠤ ᠪᠣᠳᠠᠰ ᠲᠠᠯᠪᠢᠬᠤ ᠦᠭᠡᠢ ᠪᠥᠭᠡᠳ ᠬᠤᠪᠴᠠᠰᠤ ᠬᠤᠨᠠᠷ ᠢᠶᠠᠨ ᠳᠡᠭᠡᠷ᠎ᠡ ᠨᠢ ᠲᠠᠯᠪᠢᠬᠤ ᠦᠭᠡᠢ      ◆ ᠴᠠᠭᠢᠯᠭᠠᠨ ᠳᠡᠪᠢᠰᠬᠡᠷ ᠢ ᠭᠡᠳᠦ ᠤᠳᠠᠭᠠᠨ ᠴᠡᠨᠡᠭᠯᠡᠵᠦ ᠪᠤᠯᠬᠤ ᠦᠭᠡᠢ      ◆ ᠬᠡᠢ ᠶᠢᠨ ᠵᠤᠤᠬ᠎ᠠ ᠪᠠᠨ ᠬᠡᠷᠡᠭᠯᠡᠵᠦ ᠳᠠᠭᠤᠰᠪᠠᠯ ᠬᠠᠭᠠᠯᠭ᠎ᠠ ᠶᠢ ᠨᠢ ᠮᠤᠰᠬᠢᠬᠤ      ◆ ᠱᠠᠹᠠ ᠪᠤᠶᠤ ᠣᠷᠣ ᠳᠡᠭᠡᠷ᠎ᠡ ᠪᠠᠨ ᠬᠡᠪᠲᠡᠵᠦ ᠲᠠᠮᠠᠬᠢ ᠲᠠᠲᠠᠬᠤ ᠦᠭᠡᠢ      ◆ ᠳᠤᠷ᠎ᠠ ᠪᠠᠷ ᠢᠶᠠᠨ ᠤᠲᠠᠰᠤ ᠲᠠᠲᠠᠵᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠪᠠᠨ ᠴᠡᠨᠡᠭᠯᠡᠵᠦ᠂ ᠠᠰᠠᠷ ᠤᠨ ᠭᠤᠳᠤᠮᠵᠢ᠂ ᠠᠶᠤᠯᠭᠦᠢ ᠶᠢᠨ ᠭᠠᠷᠴᠠ ᠶᠢ ᠪᠥᠭᠯᠡᠵᠦ ᠪᠤᠯᠬᠤ ᠦᠭᠡᠢ;ᠴᠠᠭᠢᠯᠭᠠᠨ ᠬᠤᠷᠢᠶᠠᠭᠤᠷ ᠢᠶᠠᠨ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠬᠡᠷᠡᠭᠲᠡᠢ      ◆ ᠭᠡᠷ ᠲᠡᠭᠡᠨ ᠪᠦᠷᠢᠮᠦᠰᠦᠨ ᠪᠢᠲᠡᠭᠦᠮᠵᠢᠯᠡᠭᠰᠡᠨ ᠬᠤᠯᠠᠭᠠᠢ ᠠᠴᠠ ᠰᠡᠷᠭᠡᠶᠢᠯᠡᠬᠦ ᠴᠣᠩᠬᠤ ᠤᠭᠰᠠᠷᠠᠬᠤ ᠦᠭᠡᠢ ᠪᠣᠯ ᠰᠠᠶᠢᠨ᠂ ᠠᠶᠤᠯ ᠳᠤ ᠲᠤᠯᠭᠠᠷᠠᠭᠰᠠᠨ ᠦᠶᠡᠰ ᠰᠠᠭᠠᠳ ᠪᠤᠯᠬᠤ ᠲᠣᠬᠢᠶᠠᠯᠳᠤᠯ ᠲᠠᠢ᠃ ᠬᠡᠦᠬᠡᠳ ᠨᠠᠰᠤᠲᠠᠶᠢᠴᠤᠤᠯ ᠪᠦᠷᠢ ᠳᠤ ᠭᠡᠷ ᠪᠦᠯᠢ ᠶᠢᠨ ᠭᠠᠯ ᠤᠨ ᠠᠮᠤᠷ ᠲᠦᠪᠰᠢᠨ ᠤ ᠰᠠᠨᠠᠭᠤᠯᠤᠮᠵᠢ ᠶᠢ ᠢᠯᠡᠭᠦᠬᠡᠨ ᠬᠡᠯᠡᠵᠦ ᠰᠣᠨᠣᠰᠬᠠᠵᠤ᠂ ᠪᠠᠲᠤᠳᠬᠠᠵᠤ ᠠᠪᠬᠤ ᠶᠢ ᠬᠢᠴᠢᠶᠡᠬᠦ ᠬᠡᠷᠡᠭᠲᠡᠢ᠃      ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠵᠠᠪᠠᠯ ᠳᠦᠷᠢᠮᠵᠢᠭᠦᠯᠦᠨ ᠬᠡᠷᠡᠭᠯᠡᠬᠦ ᠬᠡᠷᠡᠭᠲᠡᠢ      ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠭᠠᠯ ᠠᠯᠳᠠᠮᠠᠭᠴᠠ ᠠᠶᠤᠯᠲᠤ ᠴᠢᠨᠠᠷ ᠢᠶᠠᠷ ᠲᠤᠶᠢᠯ ᠤᠨ ᠶᠡᠭᠡ ᠪᠠᠶᠢᠳᠠᠭ ᠠᠴᠠ ᠭᠠᠯ ᠤᠨᠲᠠᠷᠠᠭᠠᠬᠤ ᠠᠨᠬᠭᠢ ᠶᠢᠨ ᠬᠢᠨ ᠤ ᠪᠣᠳᠠᠲᠤ ᠥᠩᠭᠡᠷᠡᠯᠲᠡ ᠠᠴᠠ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠵᠢᠴᠢ ᠳ᠋ᠢᠶᠠᠨ ᡂᠢ ᠶᠢ᠄      ◆ ᠠᠰᠠᠷ ᠤᠨ ᠭᠤᠳᠤᠮᠵᠢ ᠪᠤᠶᠤ ᠭᠡᠷ ᠲᠡᠭᠡᠨ ᠣᠷᠣᠭᠤᠯᠵᠤ ᠴᠡᠨᠡᠭᠯᠡᠵᠦ ᠪᠤᠯᠬᠤ ᠦᠭᠡᠢ      ◆ ᠤᠲᠠᠰᠤ ᠲᠠᠲᠠᠵᠤ ᠴᠡᠨᠡᠭᠯᠡᠵᠦ ᠪᠤᠯᠬᠤ ᠦᠭᠡᠢ      ◆ ᠳᠤᠷ᠎ᠠ ᠪᠠᠷ ᠰᠣᠬᠤᠷ ᠪᠠᠯᠠᠢ ᠪᠠᠷ ᠥᠭᠡᠷᠡᠴᠢᠯᠡᠨ ᠤᠭᠰᠠᠷᠠᠵᠤ ᠪᠤᠯᠬᠤ ᠦᠭᠡᠢ      ◆ ᠡᠳᠦᠷ ᠲᠤᠲᠤᠮ ᠥᠪᠡᠷ ᠢᠶᠠᠨ ᠪᠠᠶᠢᠴᠠᠭᠠᠨ ᠰᠢᠨᠵᠢᠵᠦ ᠪᠠᠶᠢᠬᠤ ᠬᠡᠷᠡᠭᠲᠡᠢ ᠭᠡᠵᠦ ᠣᠨᠴᠠᠭᠠᠶᠢᠯᠠᠨ ᠰᠠᠨᠠᠭᠤᠯᠵᠤ ᠪᠤᠢ᠃
     ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠳᠣᠣᠷᠠᠬᠢ ︽ᠭᠤᠷᠪᠠ︾ ᠶᠢ ᠰᠠᠶᠢᠲᠤᠷ ᠰᠠᠬᠢᠬᠤ ᠬᠡᠷᠡᠭᠲᠡᠢ      ◆ ᠲᠣᠭᠤᠭᠠᠨ ᠭᠡᠷ ᠢ ᠴᠡᠪᠡᠷᠯᠡᠭᠦ; ᠨᠠᠷᠠᠪᠴᠢ ᠶᠢ ᠴᠡᠪᠡᠷᠯᠡᠭᠦ; ᠠᠰᠠᠷ ᠤᠨ ᠭᠤᠳᠤᠮᠵᠢ ᠶᠢ ᠴᠡᠪᠡᠷᠯᠡᠬᠦ᠃      ◆ ᠵᠤᠤᠬᠠᠨ ᠤ ᠬᠡᠢ ᠶᠢ ᠬᠠᠭᠠᠬᠤ; ᠴᠠᠭᠢᠯᠭᠠᠨ ᠤ ᠰᠤᠷᠪᠤᠯᠵᠢ ᠶᠢ ᠬᠠᠭᠠᠬᠤ; ᠡᠭᠦᠳᠡ ᠴᠣᠩᠬᠤ ᠶᠢ ᠬᠠᠭᠠᠬᠤ᠃      ᠲᠣᠭᠤᠭᠠᠨ ᠭᠡᠷ ᠢ ᠴᠡᠪᠡᠷᠯᠡᠬᠦ      ᠲᠣᠭᠤᠭᠠᠨ ᠭᠡᠷ ᠪᠣᠯ ᠭᠡᠷ ᠳᠣᠲᠣᠷᠠᠬᠢ ᠬᠠᠮᠤᠭ ᠠᠴᠠ ᠢᠯᠡᠭᠦᠦ ᠬᠡᠷᠡᠭᠴᠡᠭᠡᠲᠦ ᠣᠷᠣᠨ ᠵᠠᠢ ᠪᠣᠯᠣᠨ᠎ᠠ᠃ ᠲᠣᠭᠤᠭᠠᠨ ᠭᠡᠷ ᠢ ᠴᠡᠪᠡᠷᠯᠡᠬᠦ ᠶᠢᠨ ᠭᠤᠣᠯᠳᠠᠯᠭ᠎ᠠ ᠨᠢ ᠲᠣᠰᠣ᠂ ᠴᠠᠭᠠᠰᠤ᠂ ᠪᠥᠰ ᠵᠡᠷᠭᠡ ᠰᠢᠲᠠᠮᠠᠬᠠᠢ ᠪᠣᠳᠠᠰ ᠢ ᠵᠤᠤᠬ᠎ᠠ ᠵᠡᠷᠭᠡ ᠭᠠᠯ ᠤᠨ ᠰᠤᠷᠪᠤᠯᠵᠢ ᠠᠴᠠ ᠬᠤᠯᠠ ᠪᠠᠶᠢᠯᠭᠠᠬᠤ ᠶᠠᠪᠤᠳᠠᠯ ᠪᠣᠯᠣᠨ᠎ᠠ᠃ ᠡᠭᠦᠨ ᠤ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠣᠲᠤᠭ᠎ᠠ ᠰᠣᠷᠣᠬᠤ ᠮᠠᠰᠢᠨ᠂ ᠰᠢᠲᠠᠮᠠᠬᠠᠢ ᠬᠡᠢ ᠶᠢᠨ ᠵᠤᠤᠬ᠎ᠠ ᠪᠠᠨ ᠴᠡᠪᠡᠷᠯᠡᠨ᠎ᠡ᠃      ᠨᠠᠷᠠᠪᠴᠢ ᠶᠢ ᠴᠡᠪᠡᠷᠯᠡᠬᠦ      ᠨᠠᠷᠠᠪᠴᠢᠨ ᠳᠡᠭᠡᠷᠡᠬᠢ ᠶᠠᠭᠤᠮ᠎ᠠ ᠬᠡᠦᠮ᠎ᠡ᠂ ᠢᠯᠠᠩᠭᠤᠶ᠎ᠠ ᠴᠠᠭᠠᠰᠤᠨ ᠬᠠᠶᠢᠷᠴᠠᠭ᠂ ᠴᠠᠭᠠᠰᠤ᠂ ᠰᠦᠯᠢᠶᠥᠦ ᠵᠡᠷᠭᠡ ᠠᠮᠠᠷᠬᠠᠨ ᠰᠢᠲᠠᠬᠤ ᠪᠣᠳᠠᠰ ᠢ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ᠃ ᠣᠷᠳᠣ ᠬᠤᠭᠤᠴᠠᠭ᠎ᠠ ᠪᠠᠷ ᠭᠠᠳᠠᠭᠰᠢ ᠭᠠᠷᠪᠠᠯ ᠡᠭᠦᠳᠡ ᠴᠣᠩᠬᠤ ᠪᠠᠨ ᠬᠠᠭᠠᠵᠤ᠂ ᠭᠡᠷ ᠲᠤ ᠣᠴᠢ ᠦᠰᠦᠷᠦᠨ ᠣᠷᠣᠭᠠᠳ ᠭᠠᠯ ᠤᠨ ᠠᠶᠤᠯ ᠭᠠᠷᠬᠤ ᠠᠴᠠ ᠪᠣᠯᠭᠤᠮᠵᠢᠯᠠᠬᠤ ᠬᠡᠷᠡᠭᠲᠡᠢ᠃      ᠠᠰᠠᠷ ᠤᠨ ᠭᠤᠳᠤᠮᠵᠢ ᠶᠢ ᠴᠡᠪᠡᠷᠯᠡᠬᠦ      ᠠᠰᠠᠷ ᠤᠨ ᠱᠠᠲᠤ᠂ ᠭᠤᠳᠤᠮᠵᠢᠨ ᠤ ᠪᠤᠯᠤᠩ ᠥᠨᠴᠥᠭ᠂ ᠭᠠᠵᠠᠷ ᠳᠣᠣᠷᠠᠬᠢ ᠥᠷᠥᠭᠡ ᠵᠡᠷᠭᠡ ᠭᠠᠵᠠᠷ ᠲᠤ ᠶᠠᠭᠤᠮ᠎ᠠ ᠬᠡᠦᠮ᠎ᠡ ᠣᠪᠣᠭᠠᠯᠠᠵᠤ ᠪᠤᠯᠬᠤ ᠥᠭᠡᠶ; ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠤᠨ ᠭᠤᠳᠤᠮᠵᠢᠨ ᠳᠤ᠂ ᠳᠤᠲᠠᠭᠠᠬᠤ ᠵᠠᠮ ᠳᠤ᠂ ᠠᠶᠤᠯᠭᠦᠢ ᠶᠢᠨ ᠭᠠᠷᠴᠠ ᠳᠤ ᠴᠡᠨᠡᠭᠯᠡᠵᠦ ᠪᠤᠯᠬᠤ ᠦᠭᠡᠢ᠃ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠠᠶᠤᠯᠭᠦᠢ ᠶᠢᠨ ᠭᠠᠷᠴᠠ᠂ ᠳᠤᠲᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠠᠭᠢᠯᠭᠠᠨ ᠤᠲᠠᠰᠤᠨ ᠤ ᠬᠠᠶᠢᠷᠴᠠᠭ ᠪᠠ ᠴᠠᠭᠢᠯᠭᠠᠨ ᠱᠠᠲᠤ ᠶᠢᠨ ᠬᠠᠶᠢᠷᠴᠠᠭ ᠲᠤ ᠡᠯᠳᠡᠪ ᠶᠠᠭᠤᠮ᠎ᠠ ᠬᠡᠦᠮ᠎ᠡ ᠣᠪᠣᠭᠠᠯᠠᠵᠤ ᠲᠠᠯᠪᠢᠵᠤ ᠪᠤᠯᠬᠤ ᠦᠭᠡᠢ᠃      ᠵᠤᠤᠬᠠᠨ ᠤ ᠬᠡᠢ ᠶᠢ ᠬᠠᠭᠠᠬᠤ      ᠬᠡᠢ ᠬᠡᠷᠡᠭᠯᠡᠭᠰᠡᠨ ᠤ ᠳᠠᠷᠠᠭ᠎ᠠ ᠬᠡᠢ ᠶᠢᠨ ᠬᠠᠭᠠᠯᠭ᠎ᠠ ᠶᠢ ᠮᠤᠰᠬᠢᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠢ ᠳᠤᠷ᠎ᠠ ᠪᠠᠷ ᠢᠶᠠᠨ ᠬᠤᠪᠢᠷᠠᠭᠤᠯᠬᠤ ᠦᠭᠡᠢ ᠪᠠᠶᠢᠵᠤ᠂ ᠰᠢᠲᠠᠮᠠᠬᠠᠢ ᠬᠡᠢ ᠶᠢᠨ ᠵᠥᠭᠡᠯᠡᠨ ᠬᠤᠭᠤᠯᠠᠢ ᠶᠢᠨ ᠬᠠᠭᠤᠴᠢᠷᠠᠭᠰᠠᠨ᠂ ᠬᠤᠭᠵᠢᠷᠠᠭᠰᠠᠨ᠂ ᠬᠡᠢ ᠭᠤᠭᠤᠵᠢᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ᠃      ᠴᠠᠭᠢᠯᠭᠠᠨ ᠤ ᠰᠤᠷᠪᠤᠯᠵᠢ ᠶᠢ ᠬᠠᠭᠠᠬᠤ      ᠡᠯ᠎ᠡ ᠵᠦᠢᠯ ᠤᠨ ᠭᠡᠷ ᠤᠨ ᠴᠠᠭᠢᠯᠭᠠᠨ ᠬᠡᠷᠡᠭᠰᠡᠯ ᠨᠢ ᠰᠠᠭᠤᠭᠠᠯᠢ ᠠᠷᠠᠳ ᠲᠤ ᠳᠥᠭᠦᠮ ᠦᠵᠡᠭᠦᠯᠭᠦ ᠶᠢᠨ ᠬᠠᠮᠲᠤ ᠪᠠᠰᠠ ᠵᠣᠬᠢᠬᠤ ᠬᠡᠮᠵᠢᠶᠡᠨ ᠤ ᠳᠠᠯᠳᠠ ᠭᠡᠮ ᠣᠷᠣᠰᠢᠳᠠᠭ᠂ ᠰᠠᠭᠤᠭᠠᠯᠢ ᠠᠷᠠᠳ ᠡᠷᠬᠡᠪᠰᠢ ᠬᠡᠷᠡᠭᠯᠡᠬᠦ ᠴᠠᠭ ᠪᠠ ᠬᠡᠷᠡᠭᠯᠡᠬᠦ ᠠᠷᠭ᠎ᠠ ᠪᠠᠨ ᠠᠩᠬᠠᠷᠴᠤ᠂ ᠬᠡᠷᠡᠭᠯᠡᠬᠦ ᠦᠭᠡᠢ ᠦᠶ᠎ᠡ ᠳᠤ ᠴᠠᠭᠢᠯᠭᠠᠨ ᠤ ᠰᠤᠷᠪᠤᠯᠵᠢ ᠶᠢ ᠴᠠᠭ ᠲᠤᠬᠠᠢ ᠳᠤᠨᠢ ᠬᠠᠭᠠᠬᠤ ᠬᠡᠷᠡᠭᠲᠡᠢ᠃      ᠡᠭᠦᠳᠡ ᠴᠣᠩᠬᠤ ᠶᠢ ᠬᠠᠭᠠᠬᠤ      ᠭᠡᠷ ᠠᠴᠠ ᠪᠠᠨ ᠭᠠᠷᠬᠤ ᠳᠠᠭᠠᠨ ᠴᠣᠩᠬᠤ ᠪᠠᠨ ᠬᠠᠭᠠᠬᠤ ᠬᠡᠷᠡᠭᠲᠡᠢ᠂ ᠣᠶᠢᠷ᠎ᠠ ᠶᠢᠨ ᠵᠢᠯ ᠤᠳ ᠲᠤ ᠫᠤᠤᠵᠢᠩ ᠲᠠᠯᠪᠢᠬᠤ ᠠᠴᠠ ᠪᠣᠯᠵᠤ ᠴᠣᠩᠬᠤ ᠪᠠᠷ ᠣᠴᠢ ᠲᠠᠷᠢ ᠦᠰᠦᠷᠦᠨ ᠣᠷᠣᠭᠠᠳ ᠭᠠᠯ ᠠᠯᠳᠠᠭᠰᠠᠨ ᠬᠡᠷᠡᠭ ᠵᠥᠩᠳᠡᠭᠡᠨ ᠭᠠᠷᠴᠤ ᠪᠠᠶᠢᠨ᠎ᠠ᠃
     ᠭᠡᠷ ᠵᠠᠭᠤᠷ᠎ᠠ ᠪᠠᠨ ᠤᠨᠲᠠᠷᠠᠭᠠᠭᠤᠷ ᠲᠣᠬᠢᠷᠠᠭᠤᠯᠬᠤ ᠠᠴᠠ ᠭᠠᠳᠠᠨ᠎ᠠ᠂ ᠬᠤᠷᠴᠠ ᠬᠡᠷᠡᠯᠳᠦ ᠳ᠋ᠢᠶᠠᠨᠪᠠᠷ ᠪᠠ ᠱᠦᠭᠦᠯᠲᠡᠲᠦ ᠮᠠᠶ᠋ᠢᠭ ᠤᠨ ᠠᠮᠢᠰᠬᠤᠭᠤᠷ ᠪᠡᠯᠡᠳᠬᠡᠪᠡᠯ ᠰᠠᠶᠢᠨ᠃ ᠡᠭᠦᠨ ᠠᠴᠠ ᠭᠠᠳᠠᠨ᠎ᠠ᠂ ᠭᠡᠷ ᠲᠡᠭᠡᠨ ᠠᠯᠢ ᠴᠢᠳᠠᠬᠤ ᠪᠠᠷ ᠰᠢᠲᠠᠮᠠᠬᠠᠢ ᠬᠡᠢ ᠯᠡᠪᠡᠷᠡᠬᠦ ᠲᠦᠭᠰᠢᠭᠦᠷᠢ ᠶᠢᠨ ᠳᠣᠬᠢᠶ᠎ᠠ ᠤᠭᠰᠠᠷᠠᠬᠤ ᠪᠠ ᠤᠲᠤᠭ᠎ᠠ ᠶᠢ ᠬᠢᠨᠠᠨ ᠰᠡᠷᠡᠬᠦ ᠲᠦᠢᠭᠰᠢᠭᠦᠷᠢ ᠶᠢᠨ ᠳᠣᠬᠢᠶ᠎ᠠ ᠤᠭᠰᠠᠷᠠᠪᠠᠯ ᠰᠠᠶᠢᠨ᠃ ᠰᠠᠭᠤᠭᠠᠯᠢ ᠠᠷᠠᠳ ᠨᠢᠭᠡᠪᠦᠷᠢ ᠭᠡᠷ ᠤᠨ ᠢᠶᠠᠨ ᠠᠶᠤᠯ ᠠᠴᠠ ᠵᠢᠭᠤᠲᠠᠬᠤ ᠵᠠᠮ ᠢᠶᠠᠨ ᠰᠠᠶᠢᠨ ᠮᠡᠳᠡᠵᠦ᠂  ᠰᠣᠷᠢᠯᠲᠠ ᠪᠣᠯᠪᠠᠰᠤᠷᠠᠯ ᠬᠢᠵᠦ᠂ ᠠᠶᠤᠯ ᠠᠴᠠ ᠵᠢᠭᠤᠲᠠᠬᠤ ᠪᠠᠴᠢᠮ ᠲᠥᠰᠥᠪ ᠲᠣᠭᠲᠠᠭᠠᠬᠤ ᠨᠢ ᠲᠠᠨ ᠢ ᠠᠶᠤᠯ ᠳᠤ ᠲᠤᠯᠭᠠᠷᠠᠭᠰᠠᠨ ᠮᠥᠴᠡ ᠳᠤ ᠪᠣᠳᠠᠲᠤ ᠬᠡᠷᠡᠭᠴᠡᠭᠡᠨ ᠳᠤ ᠬᠦᠷᠬᠦ ᠶᠠᠪᠤᠳᠠᠯ ᠶᠤᠮ᠃      ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠡᠳᠡᠭᠡᠷ ᠨᠠᠷᠢᠨ ᠵᠦᠢᠯᠡᠰ ᠢ ᠠᠩᠬᠠᠷᠪᠠᠯ ᠵᠣᠬᠢᠨ᠎ᠠ      ◆ ᠡᠯᠧᠺᠲᠷᠣᠨ ᠪᠦᠲᠦᠭᠡᠭᠳᠡᠬᠦᠨ ᠢ ᠰᠥᠨᠢᠵᠢᠨ ᠴᠡᠨᠡᠭᠯᠡᠵᠦ ᠪᠤᠯᠬᠤ ᠦᠭᠡᠢ      ◆ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠤᠨ ᠴᠠᠭᠢᠯᠭᠠᠨ ᠤᠲᠠᠰᠤ ᠬᠠᠭᠤᠴᠢᠷᠠᠭᠰᠠᠨ ᠡᠰᠡᠬᠦ᠂ ᠡᠪᠳᠡᠷᠡᠭᠰᠡᠨ ᠵᠡᠷᠭᠡ ᠶᠢ ᠪᠠᠶᠢᠴᠠᠭᠠᠨ᠎ᠠ      ◆ ᠴᠠᠭ ᠲᠤᠬᠠᠢ ᠳᠤᠨᠢ ᠨᠠᠷᠠᠪᠴᠢ᠂ ᠭᠤᠳᠤᠮᠵᠢ᠂ ᠱᠠᠲᠤᠨ ᠳᠡᠭᠡᠷᠡᠬᠢ ᠶᠠᠭᠤᠮ᠎ᠠ ᠶᠢ ᠬᠤᠷᠢᠶᠠᠵᠤ ᠲᠢᠭᠯᠡᠨ᠎ᠡ      ◆ ᠲᠣᠭᠲᠠᠮᠠᠯ ᠬᠤᠭᠤᠴᠠᠭ᠎ᠠ ᠲᠠᠢ ᠪᠠᠷ ᠣᠲᠤᠭ᠎ᠠ ᠰᠣᠷᠣᠬᠤ ᠮᠠᠰᠢᠨ ᠤ ᠬᠤᠭᠤᠯᠠᠢ ᠶᠢ ᠴᠡᠪᠡᠷᠯᠡᠨ᠎ᠡ      ◆ ᠯᠠ᠂ ᠬᠦᠵᠢ ᠠᠰᠠᠭᠠᠬᠤ ᠳᠠᠭᠠᠨ ᠲᠤᠰᠬᠠᠢ ᠲᠠᠯᠪᠢᠭᠤᠷ ᠪᠠᠶᠢᠬᠤ ᠬᠡᠷᠡᠭᠲᠡᠢ      ◆ ᠭᠡᠷ ᠲᠡᠭᠡᠨ ᠴᠢᠶ᠋ᠢᠦ ᠵᠡᠷᠭᠡ ᠳᠡᠭᠳᠡᠮᠡᠬᠡᠢ ᠴᠢᠨᠠᠷ ᠲᠠᠢ ᠰᠢᠲᠠᠮᠠᠬᠠᠢ ᠳᠡᠯᠪᠡᠷᠡᠮᠡᠲᠡᠭᠡᠢ ᠪᠣᠳᠠᠰ ᠢ ᠲᠠᠯᠪᠢᠵᠤ ᠪᠤᠯᠬᠤ ᠦᠭᠡᠢ      ◆ ᠣᠷᠣ ᠱᠠᠹᠠ ᠳᠡᠭᠡᠷ᠎ᠡ ᠪᠠᠨ ᠲᠠᠮᠠᠬᠢ ᠲᠠᠲᠠᠬᠤ ᠦᠭᠡᠢ᠂ ᠲᠠᠮᠠᠬᠢᠨ ᠤ ᠶᠣᠵᠣᠭᠤᠷ᠂ ᠴᠦᠳᠡᠩ ᠤᠨ ᠡᠰᠢ ᠶᠢ ᠪᠦᠷᠢᠮᠦᠰᠦᠨ ᠤᠨᠲᠠᠷᠠᠭᠠᠵᠤ ᠬᠠᠶᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号