ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠴᠡᠪᠡᠷ ᠲᠡᠭᠰᠢ ᠡᠮᠬᠢ ᠵᠢᠷᠤᠮ ᠲᠠᠢ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/3/18
     ᠬᠠᠷᠢᠶᠠᠲᠤ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ᠂ ᠭᠤᠶᠣ ᠰᠠᠶᠢᠬᠠᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠢᠳᠡᠪᠬᠢᠲᠡᠶ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃
     ᠡᠩ ᠲᠡᠷᠢᠭᠦᠨ ᠳᠤ᠂ ᠬᠠᠪᠤᠷ ᠤᠨ ᠤᠯᠠᠷᠢᠯ ᠤᠨ ᠴᠠᠰᠤ ᠤᠷᠤᠭᠰᠠᠨ ᠠᠴᠠ ᠪᠣᠯᠤᠭᠰᠠᠨ ᠵᠠᠮ ᠳᠡᠭᠡᠷ᠎ᠡ ᠬᠤᠷᠠᠭᠰᠠᠨ ᠴᠠᠰᠤ ᠮᠥᠰᠥ ᠶᠢ ᠠᠷᠭᠠᠴᠠᠭᠠᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠤᠴᠠᠷᠠᠭᠤᠯᠤᠭᠰᠠᠨ ᠳᠥᠭᠦᠮ ᠦᠭᠡᠢ ᠪᠠᠶᠢᠳᠠᠯ᠂ ᠢᠯᠠᠩᠭᠤᠶ᠎ᠠ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠤᠴᠠᠷᠠᠭᠤᠯᠤᠭᠰᠠᠨ ᠬᠦᠨᠳᠦ ᠨᠣᠴᠢᠲᠠᠶ ᠨᠥᠯᠥᠭᠡ ᠶᠢ ᠠᠷᠢᠯᠭᠠᠬᠤ ᠶᠢᠨ ᠲᠥᠯᠥᠭᠡ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠡᠯ᠎ᠡ ᠲᠠᠯ᠎ᠠ ᠶᠢᠨ ᠬᠦᠴᠦᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠢ ᠢᠳᠡᠪᠬᠢᠲᠡᠢ ᠵᠣᠬᠢᠴᠠᠭᠤᠯᠵᠤ᠂ 80 ᠭᠠᠷᠤᠢ ᠴᠡᠪᠡᠷᠯᠡᠭᠴᠢ ᠶᠢ ᠴᠤᠭᠯᠠᠭᠤᠯᠵᠤ᠂ ᠰᠢᠰᠢ ᠶᠢᠨ ᠪᠠᠶᠢᠰᠢᠩ᠂ ᠨᠠᠨ ᠶᠤᠸᠠᠨ ᠲᠣᠰᠬᠤᠨ ᠤ ᠪᠠᠶᠢᠰᠢᠩ ᠭᠡᠷ ᠲᠣᠭᠤᠷᠢᠭ ᠵᠡᠷᠭᠡ ᠴᠠᠰᠤ ᠮᠥᠰᠥ ᠪᠠᠷ ᠬᠦᠨᠳᠦ ᠨᠣᠴᠢᠲᠠᠢ ᠭᠠᠵᠠᠷ ᠣᠷᠣᠨ ᠢ ᠲᠦᠢᠯᠪᠤᠷᠢᠲᠠᠢ ᠴᠡᠪᠡᠷᠯᠡᠪᠡ᠃ ᠴᠡᠪᠡᠷᠯᠡᠨ ᠵᠥᠭᠡᠭᠡᠪᠦᠷᠢᠯᠡᠬᠦ ᠶᠠᠪᠤᠴᠠ ᠳᠤ ᠠᠵᠢᠯᠲᠠᠳ ᠬᠠᠬᠢᠷ ᠬᠦᠢᠳᠡᠨ ᠠᠴᠠ ᠠᠶᠤᠬᠤ ᠦᠭᠡᠢ᠂ ᠪᠤᠵᠠᠷ ᠰᠠᠮᠠᠭᠤᠨ ᠪᠠᠶᠢᠳᠠᠯ ᠠᠴᠠ ᠠᠶᠤᠬᠤ ᠦᠭᠡᠢ᠂ ᠦᠷᠭᠦᠯᠵᠢᠯᠡᠨ ᠠᠵᠢᠯᠯᠠᠵᠤ᠂ ᠨᠡᠶᠢᠳᠡ 500 ᠺᠦᠪ ᠮᠧᠲᠷ ᠴᠠᠰᠤ ᠮᠥᠰᠥ ᠶᠢ ᠴᠡᠪᠡᠷᠯᠡᠵᠦ᠂ ᠬᠠᠷᠢᠶ᠎ᠠ ᠲᠣᠭᠤᠷᠢᠭ ᠤᠨ ᠵᠢᠵᠢᠭ ᠵᠡᠭᠡᠯᠢ ᠭᠤᠳᠤᠮᠵᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠬᠦᠴᠦᠲᠡᠢ ᠪᠠᠲᠤᠯᠠᠭ᠎ᠠ ᠬᠠᠩᠭᠠᠵᠠᠢ᠃
     ᠳᠠᠷᠠᠭᠠᠯᠠᠪᠠᠯ᠂ ᠬᠠᠷᠢᠶᠠᠲᠤ ᠣᠷᠣᠨ ᠤ ᠳᠣᠲᠣᠷᠠᠬᠢ ᠠᠲᠠᠷᠰᠢᠭᠰᠠᠨ ᠬᠤᠭᠤᠰᠣᠨ ᠭᠠᠵᠠᠷ᠂ ᠶᠡᠭᠡ ᠬᠦᠷᠢᠶᠡᠨ ᠤ ᠪᠤᠵᠠᠷ ᠡᠪᠡᠰᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠪᠡ᠃ ᠵᠡᠭᠡᠯᠢ ᠭᠤᠳᠤᠮᠵᠢ ᠪᠠᠷ 2 ᠭᠤᠬᠠᠲᠤ ᠮᠠᠰᠢᠨ᠂ 2 ᠠᠴᠢᠶᠠᠨ ᠤ ᠮᠠᠰᠢᠨ ᠢ ᠦᠳᠲᠡᠷ ᠲᠦᠷᠭᠡᠨ ᠲᠤᠬᠢᠷᠠᠭᠤᠯᠵᠤ᠂ ᠲᠢᠶᠠᠨ ᠵᠢᠶᠤᠤ ᠰᠢ ᠠᠨ ᠤ ᠪᠠᠷᠠᠭᠤᠨ ᠲᠠᠯ᠎ᠠ᠂ ᠡᠮᠦᠨ᠎ᠡ ᠲᠠᠯ᠎ᠠ᠂ ᠰᠢᠩ ᠾᠧ ᠶᠤᠸᠠᠨ ᠤ ᠬᠤᠶᠢᠲᠤ ᠲᠠᠯ᠎ᠠ ᠶᠢᠨ ᠶᠡᠭᠡ ᠬᠦᠷᠢᠶ᠎ᠡ᠂ ᠯᠠᠨ ᠲᠢᠩ ᠸᠧᠨ ᠶᠤᠸᠠᠨ ᠤ ᠡᠮᠦᠨ᠎ᠡ ᠲᠠᠯ᠎ᠠ ᠶᠢᠨ ᠶᠡᠭᠡ ᠬᠦᠷᠢᠶ᠎ᠡ᠂ ᠪᠣᠭᠤᠮᠲᠠ ᠶᠢᠨ ᠭᠠᠳᠠᠨᠠᠬᠢ ᠨᠡᠷᠡᠲᠦ ᠬᠦᠷᠢᠶᠡᠯᠡᠩ ᠤᠨ E ᠲᠣᠭᠤᠷᠢᠭ ᠤᠨ ᠡᠮᠦᠨ᠎ᠡ ᠲᠠᠯ᠎ᠠ ᠶᠢᠨ ᠪᠤᠵᠠᠷ ᠡᠪᠡᠰᠦ ᠶᠢ ᠲᠥᠪᠯᠡᠷᠡᠭᠦᠯᠦᠨ ᠴᠡᠪᠡᠷᠯᠡᠵᠦ ᠵᠦᠭᠡᠭᠡᠪᠦᠷᠢᠯᠡᠪᠡ᠃ ᠴᠡᠪᠡᠷᠯᠡᠬᠦ ᠶᠠᠪᠤᠴᠠ ᠳᠤ ᠠᠵᠢᠯᠲᠠᠳ ᠠᠵᠢᠯᠯᠠᠬᠤ ᠳᠦᠷᠢᠮᠵᠢᠯ ᠢ ᠴᠢᠩᠭ᠎ᠠ ᠪᠠᠷᠢᠮᠲᠠᠯᠠᠨ᠂ ᠠᠳᠡᠯ ᠬᠡᠷᠡᠭ ᠦᠭᠡᠶ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠲᠡ 400 ᠭᠠᠷᠤᠶ ᠮᠥ ᠭᠠᠵᠠᠷ ᠢ ᠴᠡᠪᠡᠷᠯᠡᠵᠦ᠂ ᠭᠠᠯ ᠠᠮᠠᠷᠬᠠᠨ ᠭᠠᠷᠳᠠᠭ ᠬᠠᠪᠤᠷ ᠤᠨ ᠤᠯᠠᠷᠢᠯ ᠳᠤ ᠬᠦᠷᠢᠶᠡᠨ ᠤ ᠳᠣᠲᠣᠷᠠᠬᠢ ᠪᠤᠵᠠᠷ ᠡᠪᠡᠰᠦ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠦᠷᠳᠡᠭᠦᠯᠦᠯ ᠤᠴᠠᠷᠠᠭᠤᠯᠬᠤ ᠠᠴᠠ ᠵᠠᠶᠢᠯᠠᠰᠬᠢᠵᠦ᠂ ᠭᠠᠯ ᠤᠨ ᠭᠠᠮᠰᠢᠭ ᠤᠨ ᠳᠠᠯᠳᠠ ᠬᠡᠮ ᠢ ᠪᠦᠲᠦᠮᠵᠢᠲᠡᠶ ᠪᠠᠷ ᠠᠷᠢᠯᠭᠠᠵᠤ᠂ ᠰᠠᠭᠤᠭᠠᠯᠢ ᠠᠷᠠᠳ ᠲᠤ ᠨᠡᠩ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠪᠤᠶ ᠪᠣᠯᠭᠠᠵᠤ ᠥᠭᠭᠦᠭᠰᠡᠨ ᠪᠠᠶᠢᠨ᠎ᠠ᠃
     ᠡᠭᠦᠨ ᠠᠴᠠ ᠭᠠᠳᠠᠨ᠎ᠠ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠳᠤ ᠪᠠᠰᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠦᠷᠭᠦᠯᠵᠢᠯᠡᠨ ᠴᠡᠪᠡᠷᠯᠡᠵᠦ ᠲᠡᠭᠡᠭᠡᠪᠦᠷᠢᠯᠡᠬᠦ ᠠᠵᠢᠯ ᠢ ᠭᠤᠤᠯᠳᠠᠯᠭ᠎ᠠ ᠲᠠᠢ ᠠᠳᠬᠤᠪᠠ᠃ ᠬᠠᠷᠢᠶᠠᠲᠤ ᠣᠷᠣᠨ ᠳᠤ ᠪᠠᠷᠢᠯᠭ᠎ᠠ ᠪᠠᠷᠢᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠤᠯᠠᠨ ᠪᠠᠶᠢᠬᠤ ᠶᠢᠨ ᠳᠡᠭᠡᠷ᠎ᠡ ᠲᠦᠬᠦᠮ ᠪᠦᠳᠦᠴᠡᠳᠦ ᠣᠷᠣᠨ ᠰᠠᠭᠤᠴᠠ ᠶᠢᠨ ᠬᠤᠷᠢᠶᠠᠯᠠᠯ ᠤᠨ ᠭᠠᠵᠠᠷ ᠤᠨ ᠪᠠᠶᠢᠴᠠ ᠨᠠᠷᠢᠨ ᠪᠤᠳᠤᠯᠢᠶᠠᠨᠲᠠᠶ ᠪᠣᠯᠬᠤᠷ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠬᠤ ᠠᠰᠠᠭᠤᠳᠠᠯ ᠨᠡᠩ ᠴᠤ ᠲᠤᠪᠤᠶᠢᠮ᠎ᠠ ᠪᠠᠶᠢᠨ᠎ᠠ᠃ ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠵᠡᠭᠡᠯᠢ ᠭᠤᠳᠤᠮᠵᠢ ᠶᠢᠨ ᠬᠢᠨ ᠦᠳᠲᠡᠷ ᠲᠦᠷᠭᠡᠨ ᠬᠥᠳᠡᠯᠦᠯᠴᠡᠵᠦ᠂ 1 ᠭᠤᠬᠠᠲᠤ ᠮᠠᠰᠢᠨ᠂ 2 ᠠᠴᠢᠶᠠᠨ ᠤ ᠮᠠᠰᠢᠨ᠂ 2 ᠥᠪᠡᠷᠲᠡᠭᠡᠨ ᠪᠠᠭᠤᠯᠭᠠᠬᠤ ᠲᠡᠷᠭᠡ ᠶᠢ ᠲᠤᠬᠢᠷᠠᠭᠤᠯᠵᠤ᠂ ᠬᠠᠷᠢᠶᠠᠲᠤ ᠣᠷᠣᠨ ᠤ ᠲᠢᠶᠠᠨ ᠹᠦ᠋ ᠪᠠᠷᠢᠯᠭ᠎ᠠ ᠶᠢᠨ ᠭᠠᠵᠠᠷ ᠤᠨ ᠪᠠᠷᠠᠭᠤᠨ ᠲᠠᠯ᠎ᠠ ᠶᠢᠨ ᠶᠡᠭᠡ ᠬᠡᠮᠵᠢᠶᠡᠨ ᠤ ᠪᠠᠷᠢᠯᠭ᠎ᠠ ᠶᠢᠨ ᠬᠤᠭ ᠨᠣᠪᠰᠢ᠂ ᠲᠢᠶᠠᠨ ᠹᠦ᠋ ᠨᠡᠶᠢᠭᠡᠮ ᠲᠣᠭᠤᠷᠢᠭ ᠤᠨ ᠬᠤᠶᠢᠲᠤ ᠲᠠᠯ᠎ᠠ ᠶᠢᠨ ᠶᠡᠭᠡ ᠬᠡᠮᠵᠢᠶᠡᠨ ᠤ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ᠂ ᠡᠭᠦᠯᠡᠨ ᠳᠤᠮᠲᠠ ᠵᠠᠮ ᠤᠨ ᠵᠡᠭᠦᠨ ᠶᠡᠭᠡ ᠬᠦᠷᠢᠶᠡᠨ ᠳᠤ ᠬᠠᠳᠠᠭᠠᠯᠠᠭᠳᠠᠵᠤ ᠪᠠᠶᠢᠭ᠎ᠠ ᠠᠮᠢᠳᠤᠷᠠᠯ ᠤᠨ ᠬᠤᠭ ᠨᠣᠪᠰᠢ ᠵᠡᠷᠭᠡ ᠶᠢ ᠪᠦᠬᠦ ᠲᠠᠯ᠎ᠠ ᠪᠠᠷ ᠴᠡᠪᠡᠷᠯᠡᠨ ᠵᠦᠭᠡᠭᠡᠪᠦᠷᠢᠯᠡᠪᠡ᠃ ᠪᠦᠬᠦ᠋ᠢᠯᠡ ᠴᠡᠪᠡᠷᠯᠡᠬᠦ ᠶᠠᠪᠤᠴᠠ ᠳᠤ᠂ ᠠᠵᠢᠯᠲᠠᠳ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠨᠡᠶᠢᠳᠡ 600 ᠺᠦᠪ ᠮᠧᠲᠷ ᠴᠡᠪᠡᠷᠯᠡᠨ ᠵᠦᠭᠡᠭᠡᠪᠦᠷᠢᠯᠡᠵᠦ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃      ᠢᠷᠡᠭᠡᠳᠦᠢ ᠶᠢᠨ ᠠᠵᠢᠯ ᠳᠤᠮᠳᠠ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠥᠨᠳᠥᠷ ᠪᠠᠷᠢᠮᠵᠢᠶ᠎ᠠ ᠪᠣᠯᠤᠨ ᠴᠢᠩᠭ᠎ᠠ ᠱᠠᠭᠠᠷᠳᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠨ᠎ᠡ᠃ ᠨᠡᠩ ᠬᠦᠴᠦᠲᠡᠶ ᠠᠷᠭ᠎ᠠ ᠬᠡᠮᠵᠢᠶ᠎ᠡ ᠪᠠᠷ ᠬᠠᠷᠢᠶ᠎ᠠ ᠣᠷᠣᠨ ᠤ ᠳᠣᠲᠣᠷᠠᠬᠢ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠵᠠᠰᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠨᠡᠩ ᠴᠡᠪᠡᠷ ᠴᠡᠮᠴᠡᠭᠡᠷ᠂ ᠭᠤᠶᠣ ᠰᠠᠶᠢᠬᠠᠨ᠂ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠶ ᠪᠣᠯᠭᠠᠵᠤ ᠥᠭᠬᠦ ᠪᠠᠷ ᠴᠢᠷᠮᠠᠶᠢᠨ᠎ᠠ᠃ ᠡᠭᠦᠨ ᠤ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号