ᠢᠦᠢ ᠴᠢᠤᠸᠠᠨ ᠲᠣᠭᠤᠷᠢᠭ ᠤᠨ ᠠᠮᠢᠲᠠᠨ ᠤ ᠬᠢᠵᠢᠭ ᠤᠨ ᠪᠠᠶᠢᠴᠠᠭᠠᠯᠲᠠ ᠶᠢ ᠮᠡᠳᠡᠭᠦᠯᠬᠦ ᠶᠠᠪᠤᠴᠠ
ᠨᠡᠶᠢᠲᠡᠯᠡᠭᠰᠡᠨ ᠴᠠᠭ᠄
2024/3/19
     ᠨᠢᠭᠡ᠂ ᠭᠠᠷ ᠤᠲᠠᠰᠤ ᠪᠠᠷ ᠲᠡᠮᠳᠡᠭᠯᠡᠬᠦ᠄ ᠥᠪᠥᠷ ᠮᠣᠩᠭᠤᠯ ᠤᠨ ᠮᠠᠯ ᠡᠮᠨᠡᠯᠭᠡ ᠶᠢᠨ ᠰᠦᠯᠵᠢᠶ᠎ᠡ      ᠬᠤᠶᠠᠷ᠂ ︽ᠠᠵᠢᠯᠲᠠᠨ ᠤ ᠳᠡᠩᠰᠡᠯᠡᠯᠲᠡ︾ ᠶᠢ ᠲᠣᠪᠴᠢᠳᠠᠨ᠎ᠠ᠄ ︽ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠦᠭᠰᠡᠨ ᠬᠤᠪᠢ ᠬᠥᠮᠦᠨ︾ ᠳᠤ ᠣᠷᠣᠵᠤ ᠮᠡᠳᠡᠭᠡ ᠵᠠᠩᠭᠢ ᠶᠢ ᠲᠠᠭᠯᠠᠨ ᠪᠢᠴᠢᠨ᠎ᠡ      ᠲᠡᠮᠳᠡᠭᠯᠡᠬᠦ ᠨᠡᠷ᠎ᠡ — ᠪᠡᠶ᠎ᠡ ᠶᠢᠨ ᠦᠨᠡᠮᠯᠡᠯ ᠤᠨ ᠨᠣᠮᠧᠷ︔ ᠲᠡᠮᠳᠡᠭᠯᠡᠬᠦ ᠨᠢᠭᠤᠴᠠ ᠨᠣᠮᠧᠷ — ᠥᠪᠡᠷ ᠢᠶᠠᠨ ᠲᠣᠬᠢᠷᠠᠭᠤᠯᠬᠤ      ᠮᠡᠳᠡᠭᠦᠯᠦᠭᠰᠡᠨ ᠬᠥᠮᠦᠨ ᠵᠠᠪᠠᠯ ᠮᠡᠳᠡᠭᠦᠯᠵᠦ ᠪᠠᠶᠢᠭ᠎ᠠ ᠭᠠᠵᠠᠷ ᠢᠶᠠᠨ ᠲᠠᠭᠯᠠᠵᠤ᠂ ᠲᠠᠭᠯᠠᠵᠤ ᠪᠠᠷᠠᠭᠰᠠᠨ ᠤ ᠳᠠᠷᠠᠭ᠎ᠠ ᠲᠤᠰᠢᠶᠠᠨ᠎ᠠ      ᠭᠤᠷᠪᠠ᠂ ᠭᠤᠤᠯ ᠨᠢᠭᠤᠷ ᠲᠠᠭᠠᠨ ᠪᠤᠴᠠᠵᠤ ︽ᠬᠤᠪᠢ ᠬᠥᠮᠦᠨ ᠤ ᠮᠡᠳᠡᠭᠦᠯᠦᠨ ᠪᠠᠶᠢᠴᠠᠭᠠᠯᠭᠠᠬᠤ︾ ᠶᠢ ᠲᠣᠪᠴᠢᠳᠠᠨ᠎ᠠ᠂ ︽ᠰᠠᠭᠤᠷᠢ ᠮᠡᠳᠡᠭᠡ ᠵᠠᠩᠭᠢ︾ ᠶᠢ ᠲᠠᠭᠯᠠᠭᠰᠠᠨ ᠤ ᠳᠠᠷᠠᠭ᠎ᠠ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠳᠤ ᠤᠷᠤᠨ᠎ᠠ      ᠳᠥᠷᠪᠡ᠂ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠪᠢᠴᠢᠨ᠎ᠡ      1. ᠡᠬᠢᠯᠡᠵᠦ ᠲᠡᠭᠡᠭᠡᠪᠦᠷᠢᠯᠡᠬᠦ ᠭᠠᠵᠠᠷ      2. ᠠᠮᠢᠲᠠᠨ ᠢ ᠡᠬᠢᠯᠡᠵᠦ ᠵᠥᠭᠡᠭᠡᠪᠦᠷᠢᠯᠡᠬᠦ᠂ ᠬᠡᠷᠡᠭᠯᠡᠬᠦ      3. ᠠᠮᠢᠲᠠᠨ ᠤ ᠴᠢᠬᠢᠨ ᠤ ᠨᠣᠮᠧᠷ ︵ᠡᠩᠬᠦᠷᠡᠶ ᠠᠮᠢᠲᠠᠨ ᠳᠤ ᠡᠭᠡᠯᠢᠯᠡᠭᠡ ᠶᠢᠨ ᠦᠨᠡᠮᠯᠡᠯ ᠤᠨ ᠨᠣᠮᠧᠷ ᠢ ᠲᠠᠭᠯᠠᠨ᠎ᠠ︶      4. ᠠᠮᠢᠳᠠᠨ ᠤ ᠲᠤᠭ᠎ᠠ ᠬᠡᠮᠵᠢᠶ᠎ᠡ      5. ᠵᠣᠷᠢᠭᠰᠠᠨ ᠭᠠᠵᠠᠷ      6. ᠳᠠᠭᠠᠭᠠᠨ ᠲᠡᠭᠡᠭᠡᠪᠦᠷᠢᠯᠡᠭᠴᠢ      7. ᠲᠡᠭᠡᠭᠡᠪᠦᠷᠢᠯᠡᠬᠦ ᠠᠷᠭ᠎ᠠ ᠮᠠᠶ᠋ᠢᠭ      8. ᠲᠡᠭᠡᠭᠡᠪᠦᠷᠢ ᠶᠢᠨ ᠪᠠᠭᠠᠵᠢ ᠳᠤ ᠲᠡᠷᠭᠡᠨ ᠨᠣᠮᠧᠷ ︵ᠭᠠᠯᠲᠤ ᠲᠡᠷᠭᠡᠨ ᠤ ᠳ᠋ᠤᠭᠠᠷ ᠪᠤᠶᠤ ᠡᠭᠡᠯᠵᠢ ᠶᠢᠨ ᠨᠢᠰᠬᠡᠯ ᠤᠨ ᠳ᠋ᠤᠭᠠᠷ︶ ᠪᠢᠴᠢᠨ᠎ᠡ      9. ᠡᠬᠢᠯᠡᠵᠦ ᠲᠡᠭᠡᠭᠡᠪᠦᠷᠢᠯᠡᠬᠦ ᠡᠳᠦᠷ ᠬᠤᠭᠤᠴᠠᠭ᠎ᠠ      ᠲᠠᠪᠤ᠂ ᠲᠠᠭᠯᠠᠵᠤ ᠳᠠᠭᠤᠰᠤᠭᠰᠠᠨ ᠤ ᠳᠠᠷᠠᠭ᠎ᠠ ︽ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠳᠠᠷᠤᠵᠤ ᠲᠤᠰᠢᠶᠠᠨ᠎ᠠ      ᠵᠢᠷᠭᠤᠭ᠎ᠠ᠂ ᠲᠡᠭᠡᠭᠡᠪᠦᠷᠢ ᠶᠢᠨ ᠲᠡᠷᠭᠡ ᠬᠥᠰᠬᠡ ᠶᠢ ᠡᠷᠬᠡᠪᠰᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠮᠠᠯ ᠠᠵᠤ ᠠᠬᠤᠶ ᠲᠡᠭᠡᠭᠡᠪᠦᠷᠢ ᠨᠡᠪᠲᠡᠷᠡᠯᠲᠡ︾ ᠶᠢᠨ ᠰᠢᠰᠲ᠋ᠧᠮ ᠳᠤ ᠳᠠᠩᠰᠠᠯᠠᠭᠤᠯᠤᠭᠰᠠᠨ ᠲᠡᠷᠭᠡ ᠬᠥᠰᠬᠡ ᠪᠠᠶᠢᠬᠤ ᠬᠡᠷᠡᠭᠲᠡᠶ      ᠳᠣᠯᠤᠭ᠎ᠠ᠂ ᠰᠠᠭᠠᠯᠢ ᠶᠢᠨ ᠠᠮᠢᠲᠠᠨ᠂ ᠡᠭᠦᠯᠳᠡᠷ ᠤᠨ ᠠᠮᠢᠲᠠᠨ ᠵᠢᠴᠢ ᠲᠡᠭᠦᠨ ᠤ ᠦᠷ᠎ᠡ ᠶᠢᠨ ᠰᠢᠩᠭᠡᠨ᠂ ᠥᠨᠳᠡᠭᠡ᠂ ᠬᠦᠪᠦᠷᠡᠯ᠂ ᠦᠷ᠎ᠡ ᠶᠢᠨ ᠥᠨᠳᠡᠭᠡ ᠵᠢᠴᠢ ᠦᠵᠡᠭᠦᠯᠦᠯᠭᠡ᠂ ᠲᠣᠭᠯᠠᠯᠲᠠ ᠪᠠ ᠤᠷᠤᠯᠳᠤᠭᠠᠨ ᠳᠤ ᠣᠷᠣᠯᠴᠠᠬᠤ ᠠᠮᠢᠲᠠᠨ ᠢ ᠬᠤᠳᠠᠯᠳᠤᠬᠤ᠂ ᠵᠥᠭᠡᠭᠡᠪᠦᠷᠢᠯᠡᠬᠦ ᠳᠡᠭᠡᠨ 15 ᠡᠳᠦᠷ ᠤᠨ ᠡᠮᠦᠨ᠎ᠡ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠶ᠃ ᠠᠮᠢᠲᠠᠨ ᠤ  ᠦᠢᠯᠡᠳᠬᠦᠨ ᠢ ᠬᠤᠳᠠᠯᠳᠤᠬᠤ᠂ ᠵᠥᠭᠡᠭᠡᠪᠦᠷᠢᠯᠡᠬᠦ ᠪᠠ ᠠᠯᠠᠵᠤ ᠨᠢᠲᠤᠯᠬᠤ᠂ ᠦᠷᠭᠦᠯᠵᠢᠯᠡᠨ ᠲᠡᠵᠢᠭᠡᠬᠦ ᠳᠤ ᠵᠣᠷᠢᠭᠤᠯᠤᠭᠰᠠᠨ ᠠᠮᠢᠲᠠᠨ ᠢ 3 ᠡᠳᠦᠷ ᠤᠨ ᠡᠮᠦᠨ᠎ᠡ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠶ︔ ᠠᠯᠠᠵᠤ ᠨᠢᠲᠤᠯᠤᠭᠰᠠᠨ ᠠᠮᠢᠲᠠᠨ ᠢ 6 ᠴᠠᠭ ᠤᠨ ᠡᠮᠦᠨ᠎ᠡ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠶ᠃ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠭᠠᠷᠭᠠᠵᠤ ᠥᠭᠬᠦ ᠬᠡᠷᠡᠭᠲᠡᠶ      ᠦᠬᠡᠷ᠄ ᠰᠢᠯᠦᠬᠡᠶ ᠡᠪᠡᠳᠴᠢᠨ᠂ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ      ᠬᠤᠨᠢ᠄ ᠰᠢᠯᠦᠬᠡᠶ ᠡᠪᠡᠳᠴᠢᠨ᠂ ᠪᠷᠦ᠋ᠼᠧᠯ ᠡᠪᠡᠳᠴᠢᠨ᠂ ᠬᠡᠪᠢᠬᠦ ᠮᠠᠯ ᠤᠨ ᠬᠢᠵᠢᠭ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ      ᠭᠠᠭ᠋ᠠᠶ᠄ ᠰᠢᠯᠦᠬᠡᠶ ᠡᠪᠡᠳᠴᠢᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ      ᠵᠢᠭᠦᠷᠲᠡᠨ᠄ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠨ᠎ᠡ ᠬᠤᠲᠠ ᠶᠢᠨ ᠬᠢᠵᠢᠭ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ      ᠨᠣᠬᠠᠶ᠄ ᠭᠠᠯᠵᠠᠭᠤ ᠡᠪᠡᠳᠴᠢᠨ ᠤ ᠪᠠᠶᠢᠴᠠᠭᠠᠯᠲᠠ ᠶᠢᠨ ᠮᠡᠳᠡᠭᠦᠯᠦᠯᠲᠡ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号