ᠤᠢ ᠰᠢᠭᠤᠶ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠲᠤᠬᠠᠶ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2024/3/21
     ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠣᠶ ᠰᠢᠭᠤᠶ ᠶᠢᠨ ᠭᠠᠯ ᠢ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠵᠠᠷᠯᠠᠯ ᠢ ᠳᠣᠤᠷᠠᠬᠢ ᠮᠡᠲᠦ ᠨᠡᠶᠢᠲᠡᠯᠡᠪᠡ᠄      ᠨᠢᠭᠡ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠬᠤᠭᠤᠴᠠᠭ᠎ᠠ      2024 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ 2024 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 15 ᠤ ᠡᠳᠦᠷ᠃      ᠬᠤᠶᠠᠷ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ      ᠢᠦᠶ ᠴᠢᠤᠸᠠᠨ ᠲᠣᠭᠤᠷᠢᠭ ᠤᠨ ᠬᠡᠪᠴᠢᠶᠡᠨ ᠳᠣᠲᠣᠷᠠᠬᠢ ᠣᠶ ᠰᠢᠭᠤᠶ ᠵᠢᠴᠢ ᠣᠶᠢᠲᠤ ᠭᠠᠵᠠᠷ ︵ᠣᠶᠢᠵᠢᠭᠤᠯᠬᠤ ᠳᠤ ᠲᠣᠬᠢᠷᠠᠮᠵᠢᠲᠠᠶ ᠭᠠᠵᠠᠷ᠂ ᠰᠡᠶᠢᠷᠡᠭ ᠣᠶᠢᠲᠤ ᠭᠠᠵᠠᠷ ᠵᠡᠷᠭᠡ ᠪᠠᠭᠲᠠᠨ᠎ᠠ︶ ᠤᠨ ᠬᠥᠪᠡᠭᠡ ᠵᠠᠬ᠎ᠠ ᠶᠢᠨ 500 ᠮᠧᠲᠷ ᠤᠨ ᠳᠣᠲᠣᠷ᠎ᠠ᠂ ᠲᠠᠷᠢᠶᠠᠨ ᠭᠠᠵᠠᠷ ᠤᠨ ᠣᠶ ᠶᠢᠨ ᠲᠣᠤᠷ᠂ ᠨᠡᠪᠲᠡᠷᠡᠬᠦ ᠵᠠᠮ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠬᠤᠶᠠᠷ ᠲᠠᠯ᠎ᠠ ᠶᠢᠨ ᠬᠥᠪᠡᠭᠡ ᠵᠠᠬ᠎ᠠ ᠶᠢᠨ 200 ᠮᠧᠲᠷ ᠤᠨ ᠳᠣᠲᠣᠷᠠᠬᠢ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠦᠰᠡ᠄ ᠢᠦᠶ ᠴᠢᠤᠸᠠᠨ ᠲᠣᠭᠤᠷᠢᠭ ᠤᠨ ᠪᠠᠷᠠᠭᠤᠨ ᠵᠤᠯᠵᠠᠭ᠎ᠠ ᠮᠣᠳᠣᠨ ᠤ ᠬᠦᠷᠢᠶᠡᠯᠡᠩ᠂ ᠡᠮᠦᠨ᠎ᠡ ᠬᠤᠶᠢᠨ᠎ᠠ ᠪᠠ ᠯᠢ ᠠᠶᠢᠯ ᠲᠣᠰᠬᠤᠨ ᠤ ᠣᠶᠢᠲᠤ ᠭᠠᠵᠠᠷ᠂ ᠳᠤᠯᠤᠭᠠᠨ ᠲᠦᠮᠡᠳ ᠲᠣᠰᠬᠤᠨ ᠤ ᠣᠶᠢᠲᠤ ᠭᠠᠵᠠᠷ᠂ ᠨᠠᠨ ᠬᠤ᠋ ᠨᠠᠭᠤᠷ ᠤᠨ ᠴᠢᠭᠢᠭᠯᠢᠭ ᠭᠠᠵᠠᠷ ᠤᠨ ᠴᠡᠴᠡᠷᠯᠢᠭ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ᠂ ᠵᠣᠣ ᠵᠢᠶᠦ᠋ᠨ ᠮᠦᠽᠧᠶ ᠵᠢᠴᠢ ᠡᠷᠬᠢᠨ ᠲᠣᠭᠤᠷᠢᠨ ᠤ ᠣᠶᠢᠲᠤ ᠣᠷᠣᠨ᠂ ᠮᠦᠮᠦ ᠶᠢᠨ ᠪᠠᠶᠢᠰᠢᠩ ᠲᠣᠰᠬᠤᠨ ᠤ ᠣᠶᠢᠲᠤ ᠭᠠᠵᠠᠷ᠂ ᠯᠢᠶᠠᠨ ᠵᠢᠶᠠ ᠶᠢᠩ ᠲᠣᠰᠬᠤᠨ ᠤ ᠣᠶᠢᠲᠤ ᠭᠠᠵᠠᠷ᠂ ᠤᠯᠠᠭᠠᠨᠪᠠᠲᠤ ᠲᠣᠰᠬᠤᠨ ᠤ ᠣᠶᠢᠲᠤ ᠭᠠᠵᠠᠷ᠂ ᠬᠤᠲᠠ ᠲᠣᠭᠤᠷᠢᠭᠰᠠᠨ ᠦᠨᠳᠦᠷ ᠬᠤᠷᠲᠤᠴᠠᠲᠤ ᠵᠠᠰᠠᠮᠠᠯ ᠵᠠᠮ ᠤᠨ ᠢᠦᠶ ᠴᠢᠤᠸᠠᠨ ᠬᠡᠰᠡᠭ ᠤᠨ ᠡᠮᠦᠨ᠎ᠡ ᠬᠤᠶᠢᠨ᠎ᠠ ᠬᠤᠶᠠᠷ ᠲᠠᠯ᠎ᠠ ᠶᠢᠨ ᠣᠶᠢᠲᠤ ᠭᠠᠵᠠᠷ ᠤᠨ ᠨᠣᠭᠤᠭᠠᠷᠠᠭᠤᠯᠤᠯᠲᠠ ᠶᠢᠨ ᠪᠦᠰᠡ᠂ ᠲᠡᠮᠦᠷ ᠵᠠᠮ ᠳᠠᠭᠠᠤ ᠶᠢᠨ ᠣᠶᠢᠲᠤ ᠭᠠᠵᠠᠷ᠃      ᠭᠤᠷᠪᠠ᠂ ᠭᠠᠯ ᠢ ᠴᠠᠭᠠᠵᠠᠯᠠᠬᠤ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠳᠤ ᠣᠷᠣᠬᠤ ᠬᠥᠮᠦᠰ ᠡᠷᠬᠡᠪᠰᠢ ᠳᠣᠣᠷᠠᠬᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠄      ︵ᠨᠢᠭᠡ︶ ᠪᠤᠯᠠᠰᠢ ᠱᠦᠭᠦᠷᠳᠡᠵᠦ ᠤᠩᠭᠤᠨ ᠲᠠᠬᠢᠬᠤ ᠳᠠᠭᠠᠨ ᠬᠦᠵᠢ ᠵᠤᠯᠠ ᠠᠰᠠᠭᠠᠬᠤ᠂ ᠴᠠᠭᠠᠰᠤᠨ ᠵᠣᠭᠤᠰ ᠰᠢᠲᠠᠭᠠᠬᠤ᠂ ᠫᠤᠤᠵᠢᠩ ᠲᠠᠯᠪᠢᠬᠤ ᠶᠢ ᠴᠠᠭᠠᠵᠠᠯᠠᠵᠤ᠂ ᠰᠦᠯᠵᠢᠶᠡᠨ ᠳᠡᠭᠡᠷ᠎ᠡ ᠲᠠᠭᠢᠬᠤ᠂ ᠰᠣᠷᠭᠤᠭ ᠴᠡᠴᠡᠭ ᠤᠨ ᠳᠠᠬᠢᠯᠭ᠎ᠠ ᠵᠡᠷᠭᠡ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠨ᠎ᠠ᠃      ︵ᠬᠤᠶᠠᠷ︶ ᠲᠠᠷᠢᠶᠠᠨ ᠳᠠᠯᠠᠩ ᠤᠨ ᠡᠪᠡᠰᠦ ᠶᠢ ᠰᠢᠲᠠᠭᠠᠬᠤ᠂ ᠡᠷᠳᠡᠨᠢ ᠰᠢᠰᠢ ᠵᠡᠷᠭᠡ ᠲᠠᠷᠢᠮᠠᠯ ᠤᠨ ᠡᠰᠢ ᠰᠦᠷᠡᠯ ᠢ ᠰᠢᠲᠠᠭᠠᠬᠤ᠂ ᠦᠨᠡᠰᠦ ᠰᠢᠲᠠᠭᠠᠵᠤ ᠪᠣᠷᠲᠣᠭᠤᠷ ᠴᠤᠭᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠭᠤᠷᠪᠠ︶ ᠲᠠᠮᠠᠬᠢᠨ ᠶᠣᠵᠣᠭᠤᠷ ᠬᠠᠶᠠᠬᠤ᠂ ᠢᠳᠡᠭᠡᠨ ᠰᠢᠷᠠᠬᠤ᠂ ᠬᠤᠭᠤᠯᠠ ᠬᠢᠬᠦ᠂ ᠭᠠᠯ ᠪᠠᠮᠪᠠᠷ ᠢᠶᠠᠷ ᠭᠡᠷᠡᠯᠳᠦᠭᠦᠯᠬᠦ᠂ ᠭᠠᠯ ᠨᠣᠴᠣᠭᠠᠵᠤ ᠳᠤᠯᠠᠭᠠᠴᠠᠭᠤᠯᠬᠤ᠂ ᠳᠡᠭᠳᠡᠭᠦᠷ ᠳ᠋ᠧᠩᠯᠦ ᠠᠰᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠲᠥᠷᠪᠡ︶ ᠠᠳᠠᠷ ᠬᠠᠭᠠᠯᠪᠤᠷᠢᠯᠠᠬᠤ ᠵᠢᠴᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠯ ᠤᠨ ᠴᠢᠨᠠᠷᠲᠠᠶ ᠭᠠᠯ ᠬᠡᠷᠡᠭᠯᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠲᠠᠪᠤ︶ ᠭᠠᠯ ᠤᠨ ᠲᠦᠷᠦᠯ ᠪᠠ ᠤᠢ ᠰᠢᠭᠤᠶ ᠶᠢᠨ ᠭᠠᠯ ᠤᠨ ᠠᠶᠤᠯ ᠢ ᠠᠮᠠᠷᠬᠠᠨ ᠡᠭᠦᠰᠭᠡᠳᠡᠭ ᠪᠤᠰᠤᠳ ᠡᠳ᠋ ᠪᠣᠳᠠᠰ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠵᠢᠷᠭᠤᠭ᠎ᠠ︶ ᠪᠤᠰᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠭᠡᠵᠦ ᠮᠡᠳᠡᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠲᠤᠯᠤᠭ᠎ᠠ︶ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠳᠤ ᠤᠷᠤᠭᠰᠠᠨ ᠬᠥᠮᠦᠰ ᠪᠣᠯᠤᠨ ᠲᠡᠷᠭᠡ ᠬᠥᠰᠬᠡ ᠪᠥᠬᠦᠨ ᠢ ᠳᠠᠩᠰᠠᠯᠠᠬᠤ᠂ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠳᠠᠩᠰᠠᠯᠠᠬᠤ᠂ ᠪᠠᠶᠢᠴᠠᠭᠠᠬᠤ ᠶᠢ ᠲᠡᠪᠴᠢᠬᠦ ᠪᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠪᠠᠯ᠂ ᠪᠠᠶᠢᠴᠠᠭᠠᠬᠤ ᠠᠵᠢᠯᠲᠠᠨ ᠲᠡᠭᠦᠨ ᠤ ᠨᠡᠪᠲᠡᠷᠡᠬᠦ ᠶᠢ ᠴᠠᠭᠠᠵᠠᠯᠠᠬᠤ ᠡᠷᠬᠡ ᠲᠠᠢ᠃      ᠳᠥᠷᠪᠡ᠂ ᠡᠯ᠎ᠡ ᠪᠠᠯᠭᠠᠰᠤ᠂ ᠲᠣᠰᠬᠤᠨ ᠨᠤᠭᠤᠳ ᠣᠶᠤᠨ ᠤ ᠰᠠᠭᠠᠳ ᠲᠠᠢ ᠬᠥᠮᠦᠰ ᠪᠠ ᠤᠨᠴᠠᠭᠠᠢ ᠬᠥᠮᠦᠰ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠮᠡᠳᠡᠷᠡᠯ ᠤᠨ ᠡᠪᠡᠳᠴᠢᠲᠡᠨ᠂ ᠣᠶᠤᠨ ᠤ ᠰᠠᠭᠠᠳ ᠲᠠᠢ ᠬᠥᠮᠦᠰ ᠪᠠ ᠨᠠᠰᠤᠨ ᠳᠤ ᠥᠯᠥ ᠭᠦᠷᠦᠭᠰᠡᠳ ᠤᠨ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠭᠠᠯ ᠢᠶᠠᠷ ᠨᠠᠭᠠᠳᠤᠭᠰᠠᠨ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠶ᠃      ᠲᠠᠪᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠩᠭᠤᠨ ᠲᠠᠬᠢᠬᠤ ᠳᠠᠭᠠᠨ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠫᠤᠤᠵᠢᠩ ᠲᠠᠯᠪᠢᠬᠤ ᠵᠡᠷᠭᠡ ᠲᠠᠬᠢᠯᠭ᠎ᠠ ᠳᠤ ᠭᠠᠯ ᠬᠡᠷᠡᠭᠯᠡᠬᠦ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠪᠣᠯᠪᠠᠰᠤᠨ ᠪᠤᠰᠤ ᠲᠠᠬᠢᠯᠭ᠎ᠠ ᠶᠢᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠢ᠃      ᠵᠢᠷᠭᠤᠭ᠎ᠠ᠂ ᠭᠠᠯ ᠴᠠᠭᠠᠵᠠᠯᠠᠬᠤ ᠬᠤᠭᠤᠴᠠᠭᠠᠨ ᠳᠤ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ ︵ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠮᠡᠳᠡᠭᠡ ᠶᠢᠨ ᠳ᠋ᠢᠶᠠᠩᠬᠤᠸᠠ᠄ 0471 — 3825093᠂ 12119︶᠃      ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ      ︵ᠨᠢᠭᠡ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠪᠠ ᠬᠢᠵᠠᠭᠠᠷᠲᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠲᠠᠢ ᠬᠥᠮᠦᠨ ᠤ ᠡᠭᠦᠰᠭᠡᠭᠰᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ ᠬᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃      ︵ᠬᠤᠶᠠᠷ︶ ᠲᠣᠭᠲᠠᠭᠠᠯ ᠠᠴᠠ ᠵᠥᠷᠢᠴᠡᠨ᠂ ᠣᠶ ᠰᠢᠭᠤᠶ ᠨᠤᠲᠤᠭ ᠪᠡᠯᠴᠢᠭᠡᠷ ᠲᠤ ᠭᠠᠯ ᠠᠯᠳᠠᠭᠰᠠᠨ ᠠᠳᠡᠯ ᠭᠠᠷᠭᠠᠭᠰᠠᠨ ᠪᠠᠶᠢᠪᠠᠯ᠂ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                        2024 ᠣᠨ ᠤ 3 ᠳ᠋ᠤᠭᠠᠷ ᠰᠠᠷ᠎ᠠ ᠶᠢᠨ 15 ᠤ ᠡᠳᠦᠷ           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号