ᠢᠦᠶ ᠴᠢᠤᠸᠠᠨ ᠲᠣᠭᠤᠷᠢᠭ᠄ ᠦᠵᠡᠯ ᠰᠠᠨᠠᠭ᠎ᠠ ᠤᠯᠤᠰ ᠲᠥᠷᠥ ᠶᠢᠨ ᠪᠢᠴᠢᠯ ᠬᠢᠴᠢᠶᠡᠯ ᠤᠨ ᠲᠠᠩᠬᠢᠮ ᠨᠢ ᠰᠦᠭ ᠰᠦᠨᠡᠰᠦ ᠶᠢ ᠪᠤᠶ ᠪᠣᠯᠭᠠᠵᠤ ᠡᠷᠳᠡᠮᠲᠡᠨ ᠴᠢᠳᠠᠪᠤᠷᠢᠲᠠᠨ ᠢ ᠬᠥᠮᠦᠵᠢᠭᠦᠯᠦᠨ᠎ᠡ
ᠨᠡᠶᠢᠲᠡᠯᠡᠭᠰᠡᠨ ᠴᠠᠭ᠄
2024/3/22
      ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠡᠮᠦᠨ᠎ᠡ ᠴᠠᠢ ᠾᠦᠸᠧ ᠱᠢ ᠵᠡᠭᠡᠯᠢ ᠶᠢᠨ ᠪᠠᠭ᠎ᠠ ᠰᠤᠷᠭᠠᠭᠤᠯᠢ ᠲᠠᠪᠤᠨ ᠬᠥᠮᠦᠵᠢᠯ ᠢ ᠠᠭᠤᠰᠤᠯᠴᠠᠭᠤᠯᠬᠤ ᠬᠢᠴᠢᠶᠡᠯ ᠤᠨ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠰᠦᠨ ᠪᠤᠶᠢᠵᠢᠯᠲᠠ ᠶᠢᠨ ᠠᠳᠠᠯᠢ ᠪᠤᠰᠤ ᠱᠠᠲᠤᠨ ᠳᠤ ᠴᠢᠭᠯᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠦᠵᠢᠯ ᠢ ᠬᠠᠨᠳᠤᠯᠭ᠎ᠠ ᠲᠠᠢ ᠪᠠᠷ ᠥᠷᠨᠢᠭᠦᠯᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠬᠤᠪᠢᠰᠬᠠᠯ ᠤᠨ ᠲᠡᠤᠬᠡ ᠶᠢᠨ ᠤᠯᠠ ᠮᠥᠷ ᠢ ᠡᠷᠢᠬᠦ᠂ ᠨᠢᠭᠡ ᠤᠳᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠰᠤᠨᠤᠰᠬᠤ᠂ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ ᠵᠡᠷᠭᠡ ᠰᠤᠷᠭᠠᠭᠤᠯᠢ ᠶᠢᠨ ᠳᠣᠲᠣᠨ᠎ᠠ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠣᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠨᠢ ᠤᠮᠳᠠᠯᠠᠵᠤ᠂ ᠣᠭ ᠦᠨᠳᠦᠰᠦ ᠶᠢ ᠨᠢ ᠪᠤᠶᠢᠵᠢᠭᠤᠯᠤᠨ ᠰᠦᠭ ᠰᠦᠨᠡᠰᠦ ᠶᠢ ᠨᠢ ᠱᠤᠭᠤᠵᠤ ᠥᠭᠭᠦᠨ᠎ᠡ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号