ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠥᠯᠢᠵᠢᠯ ᠢᠶᠠᠷ ᠬᠠᠮᠠᠭᠠᠯᠠᠬᠤ︾ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
     ᠲᠦᠷᠦᠭᠦᠬᠡᠨ᠂ ᠶᠡᠭᠡ ᠡᠮᠦᠨ᠎ᠡ ᠵᠡᠭᠡᠯᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ  ᠠᠴᠠ ᠰᠢᠶᠤᠤ ᠰᠢ ᠵᠡᠭᠡᠯᠢ ᠶᠢᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ︽ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠥᠯᠢᠵᠢᠯ ᠢᠶᠠᠷ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠠᠶ᠃
     ᠡᠨᠡ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠥᠷᠭᠡᠨ ᠣᠯᠠᠨ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠬᠡᠷᠡᠭᠯᠡᠭᠡᠨ ᠤ ᠵᠥᠪ ᠦᠵᠡᠯᠲᠡ ᠲᠠᠢ ᠪᠣᠯᠭᠠᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦ ᠪᠠᠷ ᠢᠶᠠᠨ ᠬᠠᠮᠠᠭᠠᠯᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠪᠴᠠᠩ ᠢ ᠨᠠᠷᠢᠨ ᠨᠢᠮᠪᠠᠶ ᠪᠠᠶᠢᠭᠤᠯᠵᠤ᠂ ᠥᠷᠭᠡᠨ ᠤᠯᠠᠨ ᠲᠦᠮᠡᠨ ᠳᠤ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠵᠥᠪᠯᠡᠯᠭᠡ ᠪᠠ ᠲᠤᠰᠠᠯᠠᠮᠵᠢ ᠬᠠᠩᠭᠠᠵᠠᠶ᠃ ᠡᠭᠦᠨ ᠤ ᠵᠡᠷᠭᠡ ᠳᠤ ᠲᠡᠳᠡ ᠪᠠᠰᠠ ᠣᠯᠠᠨ ᠲᠦᠮᠡᠨ ᠳᠤ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠭᠰᠠᠨ ᠰᠣᠩᠭᠤᠳᠠᠭ ᠬᠡᠷᠡᠭ ᠤᠨ ᠵᠢᠱᠢᠶ᠎ᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠥᠭᠴᠦ᠂ ᠪᠣᠳᠠᠲᠠᠶ ᠬᠡᠷᠡᠭ ᠤᠨ ᠵᠢᠱᠢᠶ᠎ᠡ ᠪᠠᠷ ᠰᠠᠭᠤᠷᠢ ᠪᠣᠯᠭᠠᠨ᠂ ᠬᠡᠷᠡᠭᠯᠡᠭᠴᠢᠳ ᠤᠨ ᠡᠷᠬᠡ ᠪᠠ ᠡᠭᠦᠷᠭᠡ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠬᠡᠷᠡᠭᠯᠡᠭᠴᠢᠳ ᠲᠤ ᠶᠠᠮᠠᠷ ᠶᠠᠮᠠᠷ ᠬᠠᠤᠯᠢ ᠶᠣᠰᠣᠨ ᠤ ᠡᠷᠬᠡ ᠠᠰᠢᠭ ᠲᠠᠢ ᠪᠠᠶᠢᠬᠤ ᠵᠢᠴᠢ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠲᠤᠬᠠᠶ ᠣᠯᠠᠨ ᠳᠤ ᠨᠡᠩ ᠰᠢᠭᠤᠳ᠂ ᠨᠡᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃      ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠠᠶ᠃ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠲᠠᠳᠠ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠨᠠᠩ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠤᠭᠰᠠᠨ ᠪᠥᠭᠡᠳ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠢᠲᠡᠭᠡᠯ ᠪᠠ ᠴᠢᠳᠠᠪᠤᠷᠢ ᠲᠠᠢ ᠪᠣᠯᠤᠭᠰᠠᠨ ᠪᠠᠶᠢᠨ᠎ᠠ ᠭᠡᠵᠡᠶ᠃      ᠢᠷᠡᠭᠡᠳᠦᠶ ᠳᠤ᠂ ᠶᠡᠭᠡ ᠡᠮᠦᠨ᠎ᠡ ᠵᠡᠭᠡᠯᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ᠨᠢ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠢ ᠦᠷᠭᠦᠯᠵᠢᠯᠡᠨ ᠠᠩᠬᠠᠷᠴᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠶ ᠰᠢᠨᠡᠴᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠠᠨ ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ᠤᠯᠠᠮ ᠴᠢᠨᠠᠭᠰᠢᠳᠠ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠡᠩ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠮᠥᠩᠭᠦᠨ ᠭᠦᠢᠯᠭᠡᠭᠡᠨ ᠤ ᠬᠡᠷᠡᠭᠯᠡᠭᠡᠨ ᠤ ᠣᠷᠴᠢᠨ ᠨᠦᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号