ᠢᠦᠶ ᠴᠢᠤᠸᠠᠨ ᠲᠣᠭᠤᠷᠢᠭ ᠤᠨ ᠬᠢᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
     ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠴᠢᠳᠠᠪᠤᠷᠢ ᠶᠢ ᠦᠨᠡᠨᠬᠦ  ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ ᠳᠤᠮᠳᠠ ᠪᠣᠶ ᠪᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠵᠦ᠂ ᠮᠠᠨ ᠤ ᠲᠤᠭᠤᠷᠢᠭ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠦᠯᠦᠭᠡ᠂ ᠲᠦᠷᠦᠭᠦᠬᠡᠨ᠂ 6 ᠰᠢᠯᠢᠳᠡᠭ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠢᠶᠠᠷ ᠪᠦᠷᠢᠯᠳᠦᠭᠰᠡᠨ ︽ᠢᠦᠶ ᠴᠢᠤᠸᠠᠨ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ  ᠰᠢᠢᠳᠪᠦᠷᠢᠯᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ︾ ᠱᠢ ᠳ᠋ᠦᠩ ᠵᠠᠮ ᠤᠨ ᠵᠡᠭᠡᠯᠢ ᠭᠤᠳᠤᠮᠵᠢ ᠳᠤ ᠬᠦᠷᠴᠦ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠲᠠᠢ ᠰᠠᠨᠠᠯ ᠢᠶᠠᠨ ᠬᠤᠪᠢᠶᠠᠯᠴᠠᠵᠤ ᠰᠠᠨᠠᠯ ᠢᠶᠠᠨ ᠰᠣᠯᠢᠯᠴᠠᠪᠠ᠃
     ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠲᠥᠯᠥᠭᠡᠯᠡᠭᠴᠢ ᠭᠤᠣᠯᠳᠠᠭᠤ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠵᠡᠷᠭᠡ ᠣᠯᠠᠨ ᠲᠦᠮᠡᠨ ᠤ ᠳᠡᠷᠭᠡᠳᠡ ᠡᠭᠦᠰᠦᠭᠰᠡᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠨᠡᠶᠢᠲᠡᠯᠢᠭ ᠵᠢᠱᠢᠶ᠎ᠡ ᠶᠢᠨ ᠲᠣᠭᠤᠷᠢᠨ ᠳᠤ᠂ ︽ᠬᠡᠷᠡᠭ ᠢᠶᠠᠷ ᠬᠠᠤᠯᠢ ᠶᠢ ᠬᠡᠯᠡᠯᠴᠡᠬᠦ︾ ᠬᠡᠯᠪᠡᠷᠢ ᠪᠠᠷ ᠤᠯᠠᠨ ᠲᠠᠢ ᠡᠶᠡᠳᠡᠭᠦᠯᠬᠦ ᠶᠠᠪᠤᠴᠠ ᠳᠠᠬᠢ ᠲᠤᠷᠰᠢᠯᠭ᠎ᠠ ᠠᠷᠭ᠎ᠠ ᠬᠢᠳᠡᠯ ᠢ ᠬᠤᠪᠢᠶᠠᠯᠴᠠᠵᠤ᠂ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠳᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠲᠤᠰ ᠪᠡᠶ᠎ᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠨ᠎ᠡ᠃ ᠬᠤᠷᠠᠯ ᠳᠤ ᠣᠷᠣᠯᠴᠠᠭᠰᠠᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠳᠤ ︽ᠡᠶᠡᠳᠡᠭᠦᠯᠦᠭᠴᠢ︾ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠵᠦ᠂ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ ᠭᠡᠵᠡᠶ᠃
     ᠲᠣᠰ ᠤᠳᠠᠭᠠᠨ ᠤ ᠰᠣᠯᠢᠯᠴᠠᠭᠠᠨ ᠤ ᠬᠤᠷᠠᠯ ᠨᠢ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠰᠡᠳᠬᠢᠴᠡ ᠪᠠ ᠡᠶᠡᠳᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠭᠤᠤᠯᠳᠠᠯᠭ᠎ᠠ ᠪᠠ ᠰᠢᠢᠳᠪᠦᠷᠢᠯᠡᠬᠦ ᠠᠷᠭ᠎ᠠ ᠶᠢ ᠤᠯᠠᠮ ᠨᠢᠭᠡ ᠠᠯᠬᠤᠮ ᠡᠵᠡᠮᠰᠢᠨ᠂ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠤ ᠬᠤᠶᠢᠰᠢᠳᠠ ᠶᠢᠨ ᠠᠵᠢᠯ ᠤᠨ ᠳᠤᠮᠳᠠ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ᠂ ᠵᠥᠷᠢᠴᠡᠯ ᠢ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠠᠴᠠ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠳ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠢᠦᠢ ᠴᠢᠤᠸᠠᠨ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠪᠠᠯᠭᠠᠰᠤ ᠠᠯᠪᠠᠨ ᠭᠡᠷ ︵ᠲᠥᠪ︶ ᠲᠤ ᠦᠷᠭᠦᠯᠵᠢᠯᠡᠨ ᠭᠦᠨᠵᠡᠭᠡᠶᠢᠷᠡᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠳ ᠲᠠᠢ ᠬᠤᠪᠢᠶᠠᠯᠴᠠᠨ ᠰᠣᠯᠢᠯᠴᠠᠵᠤ᠂ ᠢᠦᠢ ᠴᠢᠤᠸᠠᠨ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠳ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠪᠣᠯᠤᠨ ᠨᠠᠷᠢᠯᠢᠬᠵᠢᠭᠤᠯᠤᠨ ᠵᠠᠰᠠᠬᠤ ᠬᠢᠷᠢ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号