ᠦᠰᠦᠭ ᠪᠢᠴᠢᠭ ᠤᠨ ᠲᠠᠶᠢᠯᠤᠮᠵᠢ᠄ ︽ᠢᠦᠶ ᠴᠢᠤᠸᠠᠨ ᠲᠣᠭᠤᠷᠢᠭ ᠤᠨ ᠪᠤᠭᠤᠮᠲᠠ ᠶᠢᠨ ᠬᠠᠭᠤᠴᠢᠨ ᠵᠡᠭᠡᠯᠢ ᠶᠢᠨ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/25
     ᠨᠢᠭᠡ᠂ ᠲᠥᠰᠦᠯ ᠢ ᠨᠡᠶᠢᠲᠡᠯᠡᠭᠰᠡᠨ ᠠᠬᠤᠶ ᠪᠠᠶᠢᠳᠠᠯ      ᠪᠤᠭᠤᠮᠲᠠ ᠶᠢᠨ ᠬᠠᠭᠤᠴᠢᠨ ᠵᠡᠭᠡᠯᠢ ᠶᠢᠨ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠠᠷᠢᠭᠤᠨ ᠴᠡᠪᠡᠷ᠂ ᠲᠠᠩᠰᠤᠭ ᠰᠠᠶᠢᠬᠠᠨ᠂ ᠠᠮᠢ ᠠᠬᠤᠶ ᠶᠢᠨ᠂ ᠪᠣᠯᠪᠠᠰᠤᠨ᠂ ᠠᠮᠤᠷ ᠲᠦᠪᠰᠢᠨ᠂ ᠡᠶ᠎ᠡ ᠵᠣᠬᠢᠴᠠᠯ ᠲᠠᠢ᠂ ᠵᠤᠭᠠᠴᠠᠬᠤ ᠳᠤ ᠲᠣᠬᠢᠷᠠᠮᠵᠢᠲᠠᠶ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠢᠦᠶ ᠴᠢᠤᠸᠠᠨ ᠲᠣᠭᠤᠷᠢᠭ ᠤᠨ ᠪᠤᠭᠤᠮᠲᠠ ᠶᠢᠨ ᠬᠠᠭᠤᠴᠢᠨ ᠵᠡᠭᠡᠯᠢ ᠶᠢᠨ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠬᠤᠶᠠᠷ᠂ ᠲᠥᠰᠦᠯ ᠤᠨ ᠭᠤᠤᠯ ᠠᠭᠤᠯᠭ᠎ᠠ      ᠲᠥᠰᠦᠯ ᠳᠤ ᠭᠤᠤᠯᠳᠠᠭᠤ ᠵᠢᠭᠤᠯᠴᠢᠯᠠᠯ ᠤᠨ ᠵᠠᠮ ᠬᠠᠷᠢᠯᠴᠠᠭ᠎ᠠ᠂ ᠲᠡᠷᠭᠡᠨ ᠵᠣᠭᠰᠣᠭᠠᠯ ᠤᠨ ᠦᠢᠯᠡᠴᠢᠯᠡᠭᠡ᠂ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠦᠢᠯᠡᠴᠢᠯᠡᠭᠡ᠂ ᠪᠢᠯᠧᠲ ᠤᠨ ᠶᠠᠪᠤᠳᠠᠯ ᠤᠨ ᠦᠢᠯᠡᠴᠢᠯᠡᠭᠡ᠂ ᠦᠵᠡᠮᠵᠢ ᠶᠢᠨ ᠣᠷᠣᠨ ᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ᠂ ᠠᠷᠢᠭᠤᠨ ᠴᠡᠪᠡᠷ᠂ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ ᠵᠡᠷᠭᠡ ᠣᠯᠠᠨ ᠲᠠᠯ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠭᠤᠯᠭ᠎ᠠ ᠬᠤᠯᠪᠣᠭᠳᠠᠨ᠎ᠠ᠃      ᠭᠤᠷᠪᠠ᠂ ᠲᠥᠰᠦᠯ ᠢ ᠨᠡᠶᠢᠲᠡᠯᠡᠭᠰᠡᠨ ᠠᠴᠢ ᠬᠤᠯᠪᠣᠭᠳᠠᠯ      ᠬᠠᠮᠢᠶᠠᠷᠤᠯᠲᠠ ᠶᠢ ᠨᠠᠷᠢᠯᠢᠬᠵᠢᠭᠤᠯᠬᠤ ᠪᠠᠷ ᠳᠠᠮᠵᠢᠭᠤᠯᠤᠨ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ᠂ ᠵᠢᠭᠤᠯᠴᠢᠯᠠᠯ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ᠂ ᠠᠷᠢᠭᠤᠨ ᠴᠡᠪᠡᠷ᠂ ᠠᠮᠤᠷ ᠲᠦᠪᠰᠢᠨ᠂ ᠶᠡᠷᠦᠩᠬᠡᠶᠢᠯᠡᠭᠰᠡᠨ ᠬᠠᠮᠢᠶᠠᠷᠤᠯᠲᠠ᠂ ᠤᠶᠤᠨᠲᠤ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢ ᠨᠠᠷᠢᠯᠢᠬᠵᠢᠭᠤᠯᠵᠤ᠂ ︽ᠳᠣᠲᠣᠭᠠᠳᠤ ᠳᠠᠭᠠᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠭᠠᠳᠠᠭᠠᠳᠤ ᠳᠠᠭᠠᠨ ᠢᠷᠠᠭᠤ ᠠᠯᠳᠠᠷ ᠤᠨ ᠬᠡᠮᠵᠢᠶ᠎ᠡ ᠶᠢ ᠴᠢᠬᠤᠯᠠᠴᠢᠯᠠᠬᠤ︾ ᠠᠵᠢᠯ ᠢ ᠪᠣᠳᠠᠲᠠᠶ ᠪᠠᠷ ᠠᠳᠬᠤᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号