ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠵᠠᠮ ᠢ ᠤᠬᠢᠶᠠᠵᠤ ᠴᠡᠪᠡᠷᠯᠡᠬᠦ ᠠᠵᠢᠯ ᠢ ᠦᠷᠭᠦᠯᠵᠢᠯᠡᠨ ᠬᠢᠵᠦ ᠬᠠᠪᠤᠷ ᠤᠨ ᠤᠯᠠᠷᠢᠯ ᠤᠨ ᠵᠠᠮ ᠤᠨ ᠲᠣᠭᠤᠰᠣ ᠰᠢᠷᠣᠶ ᠶᠢᠨ ᠪᠤᠬᠢᠷᠲᠤᠯ ᠢ ᠪᠠᠭᠠᠰᠬᠠᠪᠠ
ᠨᠡᠶᠢᠲᠡᠯᠡᠭᠰᠡᠨ ᠴᠠᠭ᠄
2024/3/25
     ᠬᠠᠪᠤᠷ ᠤᠨ ᠤᠷᠢᠬᠠᠨ ᠰᠠᠯᠬᠢ ᠦᠯᠢᠶᠡᠵᠦ᠂ ᠠᠭᠠᠷ ᠤᠨ ᠳᠤᠯᠠᠭᠠᠨ ᠳᠡᠭᠡᠭᠰᠢᠯᠡᠨ᠂ ᠰᠠᠯᠬᠢ ᠰᠢᠭᠤᠷᠭᠠᠨ ᠲᠠᠢ ᠠᠭᠤᠷ ᠠᠮᠢᠰᠬᠤᠯ ᠪᠠᠶᠢᠨ ᠲᠠᠬᠢᠨ ᠡᠭᠦᠰᠬᠦ ᠬᠤᠭᠤᠴᠠᠭᠠᠨ ᠳᠠᠭᠠᠨ ᠣᠷᠣᠳᠠᠭ᠃ ᠰᠠᠯᠬᠢ ᠰᠢᠭᠤᠷᠭᠠᠨ ᠤ ᠠᠭᠤᠷ ᠠᠮᠢᠰᠬᠤᠯ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ᠂ ᠠᠵᠢᠯᠯᠠᠬᠤ ᠲᠥᠰᠦᠯ ᠢᠶᠠᠨ ᠵᠣᠬᠢᠰᠲᠠᠶ ᠲᠣᠬᠢᠷᠠᠭᠤᠯᠵᠤ᠂ ᠪᠥᠬᠦ ᠲᠤᠭᠤᠷᠢᠭ ᠤᠨ ᠬᠡᠪᠴᠢᠶᠡᠨ ᠳᠤ ᠬᠠᠪᠤᠷ ᠤᠨ ᠤᠯᠠᠷᠢᠯ ᠤᠨ ᠵᠠᠮ ᠴᠡᠪᠡᠷᠯᠡᠬᠦ ᠲᠤᠰᠬᠠᠶ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠴᠡᠪᠡᠷ ᠠᠭᠠᠷ ᠲᠠᠢ᠂ ᠠᠷᠢᠭᠤᠨ ᠴᠡᠪᠡᠷ ᠬᠤᠲᠠ ᠶᠢᠨ ᠣᠷᠴᠢᠨ ᠲᠤᠭᠤᠷᠢᠨ ᠢ ᠬᠦᠴᠦᠯᠡᠨ ᠪᠣᠶ ᠪᠣᠯᠭᠠᠵᠤ ᠥᠭᠭᠦᠭᠰᠡᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠨᠢ ᠵᠠᠮ ᠬᠠᠷᠢᠯᠴᠠᠭᠠᠨ ᠤ ᠡᠳᠦᠷ ᠲᠤᠲᠤᠮ ᠤᠨ ᠠᠷᠢᠭᠤᠳᠬᠠᠵᠤ ᠴᠡᠪᠡᠷᠯᠡᠬᠦ ᠪᠠᠷ ᠰᠠᠭᠤᠷᠢ ᠪᠣᠯᠭᠠᠵᠤ᠂ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠪᠠᠷ ᠳᠤᠬᠢᠶᠠᠯ ᠪᠤᠯᠭᠠᠵᠤ᠂ ︽ᠵᠠᠮ ᠤᠨ ᠬᠡᠰᠡᠭ ᠬᠤᠪᠢᠶᠠᠬᠤ᠂ ᠴᠠᠭ ᠢ ᠵᠥᠷᠢᠭᠦᠯᠬᠦ᠂ ᠣᠷᠭᠢᠯ ᠦᠶ᠎ᠡ ᠠᠴᠠ ᠵᠠᠶᠢᠯᠠᠬᠤ︾ ᠠᠷᠭ᠎ᠠ ᠮᠠᠶ᠋ᠢᠭ ᠢᠶᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠳᠦᠷ ᠪᠦᠷᠢ ᠤᠬᠢᠶᠠᠵᠤ ᠴᠡᠪᠡᠷᠯᠡᠬᠦ ᠲᠡᠷᠭᠡ᠂ ᠬᠠᠯᠬᠠᠪᠴᠢ ᠬᠡᠷᠡᠰᠬᠡ᠂ ᠤᠰᠤ ᠰᠦᠷᠴᠢᠬᠦ ᠲᠡᠷᠭᠡ᠂ ᠱᠦᠭᠦᠷᠳᠡᠯᠲᠡ ᠶᠢᠨ ᠲᠡᠷᠭᠡ᠂ ᠥᠨᠳᠥᠷ ᠳᠠᠷᠤᠯᠲᠠᠲᠤ ᠤᠬᠢᠶᠠᠵᠤ ᠴᠡᠪᠡᠷᠯᠡᠬᠦ ᠲᠡᠷᠭᠡ ᠵᠡᠷᠭᠡ ᠡᠯ᠎ᠡ ᠲᠦᠷᠦᠯ ᠤᠨ ᠮᠠᠰᠢᠨᠴᠢᠯᠠᠭᠰᠠᠨ ᠲᠡᠷᠭᠡ ᠶᠢ ᠳᠤᠮᠳᠠᠴᠢ ᠪᠠᠷ 19 ᠬᠦᠳᠡᠯᠭᠡᠵᠦ᠂ ᠣᠯᠠᠨ ᠮᠠᠰᠢᠨ ᠢᠶᠠᠷ ᠬᠤᠯᠪᠣᠭᠠᠯᠠᠨ ᠬᠥᠳᠡᠯᠦᠯᠴᠡᠵᠦ ᠭᠦᠨᠵᠡᠭᠡᠶ ᠤᠬᠢᠶᠠᠨ ᠴᠡᠪᠡᠷᠯᠡᠬᠦ ᠵᠠᠭᠪᠤᠷ ᠢ ᠬᠡᠷᠡᠭᠯᠡᠨ᠂ ᠮᠠᠰᠢᠨᠴᠢᠯᠠᠭᠰᠠᠨ ᠠᠷᠢᠭᠤᠨ ᠴᠡᠪᠡᠷ ᠤᠨ ᠤᠳᠠᠭ᠎ᠠ ᠳᠠᠷᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠲᠠᠰᠤᠷᠠᠯᠲᠠ ᠥᠬᠡᠶ ᠤᠬᠢᠶᠠᠨ ᠴᠡᠪᠡᠷᠯᠡᠬᠦ᠂ ᠤᠰᠤ ᠰᠦᠷᠴᠢᠨ ᠲᠣᠭᠤᠰᠣ ᠪᠠᠭᠤᠷᠠᠭᠤᠯᠬᠤ ᠶᠢ ᠬᠡᠷᠡᠭᠵᠢᠭᠦᠯᠵᠦ᠂ ᠵᠡᠭᠡᠯᠢ ᠭᠤᠳᠤᠮᠵᠢ᠂ ᠶᠠᠪᠠᠭᠠᠨ ᠵᠠᠮ᠂ ᠲᠤᠰᠠᠭᠠᠷᠯᠠᠬᠤ ᠬᠠᠯᠬᠠᠪᠴᠢ ᠬᠡᠷᠡᠰᠬᠡ᠂ ᠵᠠᠮ ᠤᠨ ᠢᠷᠮᠡᠭ ᠤᠨ ᠡᠷᠬᠢᠨ ᠲᠣᠭᠤᠷᠢᠨ ᠪᠠ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠲᠣᠭᠤᠰᠣ ᠰᠢᠷᠣᠶ ᠶᠢ ᠪᠥᠬᠦ ᠲᠠᠯ᠎ᠠ ᠪᠠᠷ ᠤᠬᠢᠶᠠᠨ ᠴᠡᠪᠡᠷᠯᠡᠵᠦ᠂ ᠵᠠᠮ ᠤᠨ ᠴᠢᠭᠢᠭ ᠤᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠂ ᠵᠠᠮ ᠤᠨ ᠲᠣᠭᠤᠰᠣ ᠰᠢᠷᠣᠶ ᠶᠢᠨ ᠪᠣᠬᠢᠷᠲᠤᠯ ᠢ ᠬᠤᠷᠢᠭᠯᠠᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ  ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠵᠠᠮ ᠤᠨ ᠮᠠᠰᠢᠨᠴᠢᠯᠠᠯᠲᠠ ᠶᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠮ ᠴᠡᠪᠡᠷᠯᠡᠬᠦ ᠠᠵᠢᠯ ᠢ ᠪᠠᠶᠢᠩᠭᠤᠵᠢᠭᠤᠯᠵᠤ᠂ ᠦᠷᠭᠦᠯᠵᠢᠯᠡᠭᠦᠯᠵᠦ᠂ ᠵᠢᠷᠤᠮᠵᠢᠭᠤᠯᠤᠨ ᠥᠷᠨᠢᠭᠦᠯᠵᠦ᠂ ᠠᠭᠠᠷ ᠢ ᠨᠠᠩ ᠴᠡᠪᠡᠷ ᠲᠤᠩᠭᠠᠯᠠᠭ ᠪᠣᠯᠭᠠᠵᠤ᠂ ᠬᠤᠲᠠ ᠶᠢ ᠨᠠᠩ ᠲᠠᠭᠠᠯᠠᠮᠵᠢᠲᠠᠶ ᠪᠣᠯᠭᠠᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠦᠨᠡᠨ ᠬᠦ ᠪᠠᠲᠤᠯᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号