ᠢᠦᠶ ᠴᠢᠤᠸᠠᠨ ᠲᠣᠭᠤᠷᠢᠭ᠄ ︽ᠤᠮᠠᠷᠠᠲᠤ ᠬᠢᠯᠢ ᠶᠢᠨ ᠰᠣᠶᠣᠯ  ᠰᠤᠶᠤᠯ ᠢ ᠡᠷᠬᠢᠮᠯᠡᠬᠦ ᠢᠦᠶ ᠴᠢᠤᠸᠠᠨ︾ ᠣᠯᠠᠨ ᠲᠦᠮᠡᠨᠴᠢ ᠴᠢᠨᠠᠷᠲᠠᠶ ᠳᠠᠭᠤᠤ ᠶᠢᠨ ᠤᠷᠤᠯᠳᠤᠭᠠᠨ ᠢ ᠦᠷᠨᠢᠭᠦᠯᠪᠡ
ᠨᠡᠶᠢᠲᠡᠯᠡᠭᠰᠡᠨ ᠴᠠᠭ᠄
2024/3/26
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠤᠮᠠᠷᠠᠲᠤ ᠬᠢᠯᠢ ᠶᠢᠨ ᠰᠣᠶᠣᠯ  ᠰᠤᠶᠤᠯ ᠢ ᠡᠷᠬᠢᠮᠯᠡᠬᠦ ᠢᠦᠶ ᠴᠢᠤᠸᠠᠨ︾ ᠭᠡᠬᠦ ᠭᠤᠤᠯ ᠰᠡᠳᠦᠪᠲᠦ ᠣᠯᠠᠨ ᠲᠦᠮᠡᠨᠴᠢ ᠴᠢᠨᠠᠷᠲᠠᠶ ᠳᠠᠭᠤᠤ ᠶᠢᠨ ᠤᠷᠤᠯᠳᠤᠭᠠᠨ ᠤ ᠠᠵᠢᠯᠯᠠᠭ᠎ᠠ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠠᠨ ᠶᠢᠨ ᠨᠡᠶᠢᠭᠡᠮ ᠲᠣᠭᠤᠷᠢᠭ ᠲᠤ ᠠᠩᠬᠠᠨ ᠤ ᠲᠣᠭᠯᠠᠯᠲᠠ ᠪᠠᠨ ᠡᠬᠢᠯᠡᠭᠦᠯᠪᠡ᠃ ᠢᠦᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠠᠴᠠ ᠡᠷᠬᠢᠯᠡᠭᠰᠡᠨ ᠤᠷᠠᠨ ᠰᠠᠶᠢᠬᠠᠨ ᠤ ᠠᠩᠬᠢ᠂ ᠡᠯ᠎ᠡ ᠵᠡᠭᠡᠯᠢ ᠭᠤᠳᠤᠮᠵᠢ ᠶᠢᠨ ᠰᠣᠶᠣᠯ ᠤᠨ ᠦᠷᠳᠡᠭᠡ ᠠᠴᠠ ᠰᠣᠩᠭᠤᠨ ᠬᠦᠷᠭᠡᠭᠰᠡᠨ ᠤᠯᠠᠨ ᠲᠦᠮᠡᠨ ᠤ ᠤᠷᠠᠨ ᠰᠠᠶᠢᠬᠠᠨ ᠤ ᠠᠩᠬᠢ ᠬᠠᠮᠲᠤᠷᠠᠨ ᠲᠠᠶᠢᠰᠠᠨ ᠳᠤ ᠭᠠᠷᠴᠤ᠂ ᠲᠣᠭᠯᠠᠯᠲᠠ ᠶᠢᠨ ᠠᠬᠤᠢ ᠲᠠᠯᠠᠪᠠᠢ ᠳᠤ ᠢᠷᠠᠭᠤ ᠰᠠᠶᠢᠬᠠᠨ ᠳᠠᠭᠤᠤ ᠬᠥᠭᠵᠢᠮ ᠬᠠᠩᠭᠢᠨᠠᠵᠤ᠂ ᠦᠵᠡᠭᠴᠢᠳ ᠤᠨ ᠪᠠᠭ᠋ᠠᠷᠬᠠᠯ ᠢ ᠲᠠᠲᠠᠵᠤ᠂ ᠵᠠᠮ ᠢᠶᠠᠷ ᠥᠩᠭᠡᠷᠡᠬᠦ ᠬᠥᠮᠦᠰ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ ᠰᠣᠨᠢᠷᠬᠠᠵᠤ᠂ ᠭᠠᠷ ᠤᠲᠠᠰᠤ ᠪᠠᠷ ᠰᠡᠭᠦᠳᠡᠷ ᠲᠠᠲᠠᠵᠤ᠂ ᠤᠯᠠᠨ ᠢᠶᠠᠷ ᠢᠶᠠᠨ ᠤᠷᠠᠨ ᠰᠠᠶᠢᠬᠠᠨ ᠳᠤ ᠪᠠᠭ᠋ᠠᠲᠠᠢ ᠬᠥᠮᠦᠰ ᠤᠨ ᠭᠤᠶᠢᠳᠠ ᠰᠠᠶᠢᠬᠠᠨ ᠲᠣᠭᠯᠠᠯᠲᠠ ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
     ᠣᠶᠢᠷ᠎ᠠ ᠶᠢᠨ ᠬᠤᠭᠤᠴᠠᠭᠠᠨ ᠳᠤ ᠢᠦᠶ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠪᠠᠰᠠ ᠤᠷᠠᠨ ᠵᠢᠷᠤᠭ ᠤᠨ ᠦᠵᠡᠭᠦᠯᠦᠯᠭᠡ᠂ ᠣᠯᠠᠨ ᠲᠦᠮᠡᠨ ᠤ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ᠂ ᠠᠷᠠᠳ ᠨᠡᠶᠢᠲᠡ ᠶᠢᠨ ᠰᠣᠶᠣᠯ ᠤᠷᠠᠯᠢᠭ ᠢ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ ᠶᠢᠨ ᠬᠢᠴᠢᠶᠡᠯ ᠵᠢᠴᠢ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠯᠠᠯᠲᠠ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠡᠷᠬᠢᠯᠡᠵᠦ᠂ ᠨᠡᠩ ᠤᠯᠠᠨ ᠤᠯᠠᠨ ᠲᠦᠮᠡᠨ ᠢ ᠰᠣᠶᠣᠯ ᠤᠨ ᠣᠷᠳᠣᠨ ᠳᠤ ᠣᠷᠣᠭᠤᠯᠵᠤ᠂ ᠰᠣᠶᠣᠯ ᠤᠨ ᠣᠷᠳᠣᠨ ᠢ ᠣᠶᠢᠯᠠᠭᠠᠭᠤᠯᠵᠤ᠂ ᠰᠣᠶᠣᠯ ᠤᠨ ᠣᠷᠳᠣᠨ ᠢ ᠮᠡᠳᠡᠷᠡᠭᠦᠯᠵᠦ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠢᠦᠢ ᠴᠢᠤᠸᠠᠨ ᠲᠣᠭᠤᠷᠢᠭ ᠤᠨ ᠤᠯᠠᠨ ᠨᠡᠶᠢᠲᠡ ᠶᠢᠨ ᠰᠣᠶᠣᠯ ᠤᠨ ᠲᠠᠯᠠᠪᠠᠢ ᠶᠢᠨ ᠠᠰᠢᠭᠯᠠᠯᠲᠠ ᠶᠢᠨ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠦᠨᠳᠦᠰᠦᠨ ᠰᠣᠶᠣᠯ ᠤᠨ ᠡᠷᠬᠡ ᠠᠰᠢᠭ ᠢ ᠪᠠᠲᠤᠯᠠᠵᠤ᠂ ᠤᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃
     ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ 2024 ᠣᠨ ᠳᠤ ᠨᠠᠷᠢᠨ ᠨᠢᠮᠪᠠᠢ ᠲᠥᠯᠥᠪᠯᠡᠵᠦ᠂ ᠬᠠᠷᠢᠶ᠎ᠠ ᠣᠷᠣᠨ ᠤ ᠪᠠᠨ ᠤᠳᠬ᠎ᠠ ᠤᠷᠠᠯᠢᠭ ᠤᠨ ᠪᠠᠭ᠋ᠠᠳᠠᠨ᠂ ᠤᠯᠠᠨ ᠲᠦᠮᠡᠨ ᠤ ᠲᠣᠭᠯᠠᠯᠲᠠ ᠶᠢᠨ ᠡᠩᠨᠡᠭᠡ ᠵᠢᠴᠢ ᠰᠣᠶᠣᠯ ᠤᠨ ᠠᠵᠢᠯᠲᠠᠳ ᠲᠤ ᠤᠷᠢᠯᠭ᠎ᠠ ᠲᠠᠯᠪᠢᠵᠤ᠂ ᠡᠯᠪᠡᠭ ᠪᠠᠶᠠᠯᠢᠭ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠦᠴᠦᠯᠡᠵᠦ᠂ ᠨᠠᠩ ᠣᠯᠠᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠣᠯᠠᠨ ᠨᠡᠶᠢᠲᠡ ᠶᠢᠨ ᠰᠣᠶᠣᠯ ᠤᠨ ᠠᠵᠢᠯᠯᠠᠭ᠎ᠠ ᠳᠤ ᠣᠷᠣᠯᠴᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠬᠥᠭᠵᠢᠭᠦᠯᠦᠨ ᠪᠠᠳᠠᠷᠠᠭᠤᠯᠵᠤ᠂ ᠮᠠᠨ ᠤ ᠲᠤᠭᠤᠷᠢᠭ ᠤᠨ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号