ᠴᠢᠯᠦᠭᠡ ᠲᠠᠯᠪᠢᠬᠤ ᠲᠤᠬᠠᠢ ᠬᠠᠮᠤᠭ ᠤᠨ ᠰᠢᠨ᠎ᠡ ᠮᠡᠳᠡᠭᠳᠡᠯ︕ ᠡᠨᠡ ᠭᠤᠷᠪᠠᠨ ᠡᠳᠦᠷ ᠰᠦᠢᠳᠭᠡᠯ ᠬᠤᠷᠢᠶᠠᠬᠤ ᠦᠭᠡᠢ︕
ᠨᠡᠶᠢᠲᠡᠯᠡᠭᠰᠡᠨ ᠴᠠᠭ᠄
2024/3/26
     ᠴᠠᠭᠠᠨ ᠰᠠᠷ᠎ᠠ ᠶᠢᠨ ᠳᠠᠷᠠᠭᠠᠬᠢ ᠬᠠᠤᠯᠢ ᠪᠠᠷ ᠲᠣᠭᠲᠠᠭᠠᠭᠰᠠᠨ ᠠᠩᠬᠠᠳᠠᠬᠴᠢ ᠠᠮᠠᠷᠠᠯᠲᠠ ᠶᠢᠨ ᠡᠳᠦᠷ ᠪᠣᠯᠬᠤ ᠬᠠᠩᠰᠢ ᠶᠢᠨ ᠡᠳᠦᠷ ᠣᠳᠠᠯ ᠦᠬᠡᠢ ᠬᠦᠷᠴᠤ ᠢᠷᠡᠬᠦ ᠪᠣᠯᠣᠯ᠎ᠠ︕ 4 ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ ᠴᠢᠯᠦᠭᠡ ᠲᠠᠯᠪᠢᠵᠦ᠂ ᠨᠡᠶᠢᠳᠡ 3 ᠡᠳᠦᠷ ᠠᠮᠠᠷᠠᠨ᠎ᠠ᠂ 4 ᠰᠠᠷ᠎ᠠ ᠶᠢᠨ 7 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃              ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠵᠠᠮ ᠲᠡᠭᠡᠭᠡᠪᠦᠷᠢ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠴᠢᠬᠤᠯᠠ ᠶᠡᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠵᠢᠵᠢᠭ ᠠᠶᠠᠨᠴᠢᠳ ᠤᠨ ᠮᠠᠰᠢᠨ ᠲᠡᠷᠭᠡ ᠠᠴᠠ ᠨᠡᠪᠲᠡᠷᠡᠬᠦ ᠰᠦᠢᠳᠬᠡᠯ ᠥᠯᠥ ᠬᠤᠷᠢᠶᠠᠬᠤ ᠲᠤᠬᠠᠶ ᠬᠡᠷᠡᠭᠵᠢᠭᠦᠯᠬᠦ ᠲᠥᠰᠦᠯ ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠮᠡᠳᠡᠭᠳᠡᠯ︾ ᠢ ᠦᠨᠳᠦᠰᠦᠯᠡᠪᠡᠯ᠂ ᠴᠠᠭᠠᠨ ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠵᠡᠷᠭᠡ ᠤᠯᠤᠰ ᠤᠨ ᠬᠠᠤᠯᠢ ᠪᠠᠷ ᠲᠣᠭᠲᠠᠭᠠᠭᠰᠠᠨ ᠳᠥᠷᠪᠡᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠰᠦᠢᠳᠬᠡᠯ ᠬᠤᠷᠢᠶᠠᠬᠤ ᠵᠠᠰᠠᠮᠠᠯ ᠵᠠᠮ ᠠᠴᠠ ᠰᠦᠢᠳᠬᠡᠯ ᠬᠤᠷᠢᠶᠠᠬᠤ ᠦᠬᠡᠢ᠃              ᠲᠦᠷᠭᠡᠨ ᠤ ᠵᠠᠰᠠᠮᠠᠯ ᠵᠠᠮ ᠤᠨ ᠰᠦᠢᠳᠬᠡᠯ ᠥᠯᠥ ᠬᠤᠷᠢᠶᠠᠬᠤ ᠴᠠᠭ ᠬᠤᠭᠤᠴᠠᠭ᠎ᠠ ᠪᠤᠯ᠄ 4 ᠰᠠᠷ᠎ᠠ ᠶᠢᠨ 4 ᠤ ᠡᠳᠦᠷ ᠤᠨ 00᠄ 00 ᠴᠠᠭ ᠠᠴᠠ 4 ᠰᠠᠷ᠎ᠠ ᠶᠢᠨ 6 ᠤ ᠡᠳᠦᠷ ᠤᠨ 24᠄ 00 ᠴᠠᠭ ᠪᠤᠯᠳᠠᠯᠠᠬᠢ ᠬᠤᠭᠤᠴᠠᠭ᠎ᠠ ᠪᠤᠯᠤᠨ᠎ᠠ᠂ ᠡᠨᠡ 3 ᠡᠳᠦᠷ ᠲᠤ ᠰᠦᠢᠳᠭᠡᠯ ᠬᠤᠷᠢᠶᠠᠬᠤ ᠦᠭᠡᠢ᠃ ᠰᠦᠢᠳᠬᠡᠯ ᠬᠤᠷᠢᠶᠠᠬᠤ ᠦᠭᠡᠶ ᠪᠠᠷ ᠶᠠᠪᠤᠭᠤᠯᠬᠤ ᠲᠡᠷᠭᠡ ᠬᠥᠰᠬᠡ ᠪᠤᠯ᠄ 7 ᠠᠴᠠ ᠳᠣᠷᠣᠭᠰᠢ ᠰᠠᠭᠤᠳᠠᠯ ︵7 ᠰᠠᠭᠤᠳᠠᠯ ᠪᠠᠭᠲᠠᠨ᠎ᠠ︶ ᠲᠠᠢ ᠠᠶᠠᠨᠴᠢᠳ ᠤᠨ ᠮᠠᠰᠢᠨ ᠲᠡᠷᠭᠡ ᠬᠥᠰᠬᠡ ᠪᠣᠯᠤᠨ᠎ᠠ᠂ ᠡᠭᠦᠨ ᠳᠤ ᠰᠦᠢᠳᠬᠡᠯ ᠬᠤᠷᠢᠶᠠᠬᠤ ᠡᠩ ᠤᠨ ᠵᠠᠰᠠᠮᠠᠯ ᠵᠠᠮ ᠢᠶᠠᠷ ᠶᠠᠪᠤᠬᠤ ᠶᠢ ᠵᠥᠪᠰᠢᠶᠡᠷᠡᠬᠦ ᠮᠠᠰᠢᠨ ᠲᠡᠷᠭᠡ ᠳᠤ ᠮᠣᠲ᠋ᠤᠷ ᠲᠡᠷᠭᠡ ᠪᠠᠭᠲᠠᠵᠦ ᠪᠤᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号