ᠪᠠᠭᠠᠲᠤᠷᠯᠢᠭ ᠦᠶ᠋ᠯᠡ ᠶᠠᠪᠤᠳᠠᠯ ᠢ ᠪᠠᠲᠤ ᠴᠡᠭᠡᠵᠢᠯᠡᠵᠦ ᠠᠭᠤᠤ ᠶᠡᠭᠡ ᠵᠣᠷᠢᠭ ᠰᠠᠨᠠᠭ᠎ᠠ ᠶᠢ ᠵᠠᠯᠭᠠᠮᠵᠢᠯᠠᠶ᠎ᠠ
ᠨᠡᠶᠢᠲᠡᠯᠡᠭᠰᠡᠨ ᠴᠠᠭ᠄
2024/3/27
      ᠣᠶᠢᠷ᠎ᠠ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ︽ᠪᠠᠭᠠᠲᠤᠷᠯᠢᠭ ᠦᠶ᠋ᠯᠡ ᠶᠠᠪᠤᠳᠠᠯ ᠢ ᠪᠠᠲᠤ ᠴᠡᠭᠡᠵᠢᠯᠡᠵᠦ ᠠᠭᠤᠤ ᠶᠡᠭᠡ ᠵᠣᠷᠢᠭ ᠰᠠᠨᠠᠭ᠎ᠠ ᠶᠢ ᠵᠠᠯᠭᠠᠮᠵᠢᠯᠠᠶ᠎ᠠ︾ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠤ ᠠᠬᠠᠮᠠᠳ ᠴᠡᠷᠢᠭ ᠠᠴᠠ ᠲᠡᠷᠡ ᠬᠦ ᠠᠭᠤᠤ ᠶᠡᠭᠡ ᠢᠯᠠᠯᠲᠠ ᠶᠢ ᠶᠠᠷᠢᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠳᠤ ᠣᠷᠣᠯᠴᠠᠭᠰᠠᠨ 90 ᠨᠠᠰᠤᠲᠠᠢ ᠠᠬᠠᠮᠠᠳ ᠴᠡᠷᠢᠭ ᠹᠦ᠋ ᠵᠢᠩ ᠶᠠᠨ ᠢ ᠤᠷᠢᠵᠤ ᠰᠤᠷᠤᠭᠴᠢᠳ ᠲᠤ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠦᠶ᠎ᠡ ᠶᠢᠨ ᠥᠩᠭᠡᠷᠡᠯᠲᠡ ᠶᠢ ᠶᠠᠷᠢᠭᠤᠯᠵᠤ᠂ ᠰᠤᠷᠤᠭᠴᠢᠳ ᠢ ᠵᠥᠪ ᠠᠮᠢᠳᠤᠷᠠᠬᠤᠢ ᠶᠢᠨ ᠦᠵᠡᠯᠲᠡ ᠪᠣᠯᠣᠨ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠣᠯᠭᠠᠵᠤ᠂ ᠴᠢᠷᠮᠠᠶᠢᠨ ᠰᠤᠷᠤᠯᠴᠠᠵᠤ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠪᠠ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
   
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号