ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠡᠵᠡᠮᠳᠡᠨ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠭᠦ ᠵᠢᠯ ᠳᠤ | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠲᠠᠢ 960 ᠦᠢᠯᠡᠳᠬᠦ ᠦᠢᠯᠡᠰ ᠤᠨ ᠲᠥᠷᠥᠯ | ᠵᠦᠢᠯ ᠢ ᠬᠡᠷᠡᠭᠵᠢᠭᠦᠯᠦᠨ᠂ ᠨᠡᠶᠢᠳᠡ 3500 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠵᠤ᠂ ᠡᠨᠡ ᠵᠢᠯ ᠮᠠᠨ ᠤ ᠣᠷᠣᠨ ᠪᠡᠯᠡ ᠤᠷᠤᠭᠤᠯᠤᠯᠳᠠ ᠨᠢ 5 ᠳ᠋ᠦᠩᠰᠢᠭᠤᠷ ᠲᠥᠭᠦᠷᠢᠭ ᠲᠤ ᠬᠦᠷᠬᠦ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠬᠢᠨᠢ 30% ᠪᠠᠷ ᠨᠢᠭᠡ ᠯᠡ | ᠤᠳᠠᠭ᠎ᠠ ᠶᠢᠨ ᠴᠢᠨᠠᠷᠲᠠᠢ ᠳᠠᠮ ᠬᠦᠦ ᠶᠢᠨ ᠱᠠᠩᠨᠠᠯ ᠨᠥᠬᠦᠪᠦᠷᠢ ᠣᠯᠭᠤᠨ᠎ᠠ︔ ᠪᠡᠯᠡ ᠤᠷᠤᠭᠤᠯᠤᠯᠳᠠ ᠨᠢ 2000 | ᠲᠦᠮᠡᠨ ᠲᠥᠭᠦᠷᠢᠭ ᠲᠤ ᠬᠦᠷᠬᠦ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠰᠠᠨ ᠦᠢᠯᠡᠳᠬᠦ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠳᠠᠬᠢ | ᠪᠡᠯᠡ ᠣᠷᠣᠭᠤᠯᠤᠯᠲᠠ ᠶᠢᠨ ᠬᠢᠨᠢ 20% ᠪᠠᠷ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ︔ | ᠰᠢᠨ᠎ᠡ ᠪᠠᠷ ᠦᠨᠡᠯᠡᠨ ᠲᠣᠭᠲᠠᠭᠠᠭᠰᠠᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ | ᠦᠵᠡᠭᠦᠯᠭᠦ ᠰᠠᠭᠤᠷᠢᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠤᠯᠭᠤᠨ᠎ᠠ︔ ᠤᠯᠤᠰ ᠤᠨ | ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠲᠠ ᠶᠢᠨ | ᠲᠤᠷᠰᠢᠯᠲᠠ ᠶᠢᠨ ᠴᠡᠭ ᠪᠠ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠣᠭᠠᠴᠢᠯᠠᠭᠰᠠᠨ ᠲᠡᠶᠢᠰᠢ | ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠲᠤ ᠣᠷᠣᠭᠰᠠᠨ ᠠᠶᠢᠮᠠᠭ ᠬᠤᠲᠠ ᠳᠤ 5000 ᠲᠦᠮᠡᠨ | ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠠᠩᠬᠠᠨ ᠤ ᠬᠡᠪ ᠤᠨ ᠰᠣᠹᠲ ᠲᠤ ᠪᠣᠷᠤᠯᠠᠭᠤᠯᠭ᠎ᠠ ᠶᠢᠨ | ᠬᠡᠮᠵᠢᠶ᠎ᠡ ᠶᠢᠨ ᠬᠢᠨᠢ 20% ᠪᠠᠷ ᠱᠠᠩᠨᠠᠯ ᠨᠥᠬᠦᠪᠦᠷᠢ ᠣᠯᠭᠤᠨ᠎ᠠ︔ ᠠᠵᠤ ᠠᠬᠤᠶᠢᠯᠠᠯ ᠤᠨ ᠰᠢᠨ᠎ᠡ ᠪᠠᠷ ᠰᠤᠳᠤᠯᠤᠨ | ᠦᠢᠯᠡᠳᠦᠭᠰᠡᠨ ᠠᠵᠤ ᠦᠢᠯᠡᠳᠪᠦᠷᠢ ᠶᠢᠨ ᠰᠣᠹᠲ ᠲᠤ ᠰᠤᠳᠤᠯᠤᠨ ᠦᠢᠯᠡᠳᠬᠦ ᠪᠡᠯᠡ ᠣᠷᠣᠭᠤᠯᠤᠯᠲᠠ ᠶᠢᠨ ᠬᠢᠨᠢ | 20% ᠪᠠᠷ ᠱᠠᠩᠨᠠᠯ ᠨᠥᠬᠦᠪᠦᠷᠢ ᠣᠯᠭᠤᠨ᠎ᠠ︔ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠳᠤ ᠠᠷᠪᠢᠯᠠᠭᠰᠠᠨ ᠡᠨᠧᠷᠭᠢ ᠪᠠ ᠤᠰᠤᠨ ᠤ ᠬᠡᠮᠵᠢᠶ᠎ᠡ ᠪᠠᠷ ᠨᠢ ᠱᠠᠩᠨᠠᠯ | ᠨᠥᠬᠦᠪᠦᠷᠢ ᠣᠯᠭᠤᠨ᠎ᠠ︔ ᠲᠣᠮᠣ ᠳ᠋ᠠᠶᠢᠲ᠋ᠠ ᠶᠢᠨ ᠲᠥᠪ ᠤᠨ ᠴᠠᠭᠢᠯᠭᠠᠨ ᠡᠭᠦᠰᠬᠡᠭᠴᠢ ᠶᠢᠨ ᠠᠰᠢᠭᠯᠠᠮᠵᠢ ︵PUE | ᠬᠡᠮᠵᠢᠭᠳᠡᠯ︶ ᠶᠢ ᠠᠩᠬ᠎ᠠ ᠤᠳᠠᠭ᠎ᠠ 1.3 ᠪᠤᠯᠲᠠᠯ᠎ᠠ ᠪᠠᠭᠤᠷᠠᠭᠤᠯᠤᠭᠰᠠᠨ ᠪᠣᠯ ᠮᠡᠷᠭᠡᠵᠢᠯ ᠤᠨ ᠥᠭᠡᠷᠡᠴᠢᠯᠡᠯᠲᠡ ᠶᠢᠨ | ᠪᠡᠯᠡ ᠣᠷᠣᠭᠤᠯᠤᠯᠲᠠ ᠶᠢᠨ ᠬᠢᠨᠢ 10% ᠪᠠᠷ ᠱᠠᠩᠨᠠᠯ ᠨᠥᠬᠦᠪᠦᠷᠢ ᠣᠯᠭᠤᠨ᠎ᠠ︔ ᠰᠢᠨ᠎ᠡ ᠪᠠᠷ ᠪᠦᠲᠦᠭᠡᠨ | ᠪᠠᠶᠢᠭᠤᠯᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠪᠠ ᠳᠠᠬᠢᠯᠲᠠ ᠡᠬᠢ ᠪᠠᠶᠠᠯᠢᠭ ᠢ ᠠᠰᠢᠭᠯᠠᠬᠤ ᠲᠦᠷᠦᠯ ᠵᠦᠢᠯ ᠤᠨ ᠳᠣᠲᠣᠷᠠᠬᠢ ᠬᠠᠶᠠᠭᠳᠠᠮᠠᠯ ᠰᠦᠯᠢᠶᠥᠦ᠂ | ᠬᠠᠶᠠᠭᠳᠠᠮᠠᠯ ᠴᠠᠭᠠᠰᠤ ᠶᠢ ᠬᠤᠷᠢᠶᠠᠨ ᠠᠪᠴᠤ ᠡᠳ᠋ᠰᠢᠭᠦᠯᠦᠨ ᠠᠰᠢᠭᠯᠠᠬᠤ ᠲᠥᠷᠥᠯ ᠵᠦᠢᠯ ᠳᠤ ᠵᠣᠬᠢᠬᠤ ᠱᠠᠩᠨᠠᠯ | ᠨᠥᠬᠦᠪᠦᠷᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠱᠢᠶ᠎ᠡ ᠦᠵᠡᠭᠦᠯᠭᠦ | ᠬᠦᠷᠢᠶᠡᠯᠡᠩ ᠲᠣᠭᠤᠷᠢᠭ ᠲᠤ ᠵᠣᠬᠢᠬᠤ ᠬᠡᠮᠵᠢᠶᠡᠨ ᠤ ᠱᠠᠩᠨᠠᠯ ᠨᠥᠬᠦᠪᠦᠷᠢ ᠣᠯᠭᠤᠬᠤ ᠪᠣᠯᠣᠨ᠎ᠠ᠃ |