ᠢᠦᠶ ᠴᠢᠤᠸᠠᠨ ᠲᠣᠭᠤᠷᠢᠭ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠤᠲᠤᠨᠤ  ᠬᠠᠥᠯᠢᠵᠢᠯ ᠤᠨ ᠤᠬᠠᠭᠤᠯᠭ᠎ᠠ ᠶᠢ ᠬᠥᠳᠡᠭᠡ ᠲᠣᠰᠬᠤᠨ ᠳᠤ ᠣᠷᠣᠭᠤᠯᠬᠤ︾ 2024 ᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/28
     3 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠬᠢᠨ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠤᠲᠤᠨᠤ  ᠬᠠᠥᠯᠢᠵᠢᠯ ᠤᠨ ᠤᠬᠠᠭᠤᠯᠭ᠎ᠠ ᠶᠢ ᠬᠥᠳᠡᠭᠡ ᠲᠣᠰᠬᠤᠨ ᠳᠤ ᠣᠷᠣᠭᠤᠯᠬᠤ︾ 2024 ᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠬᠠᠤᠯᠢᠵᠢᠯ ᠤᠨ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠦᠨᠡᠨᠬᠦ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠵᠢᠯᠲᠠᠳ ᠪᠣᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠭᠰᠠᠨ ᠪᠥᠭᠡᠳ ᠤᠬᠠᠭᠤᠯᠭ᠎ᠠ ᠶᠢᠨ ᠰᠠᠮᠪᠠᠷ᠎ᠠ ᠪᠣᠯᠤᠨ ᠯᠠᠪᠯᠠᠯᠲᠠ ᠶᠢᠨ ᠲᠠᠪᠴᠠᠩ ᠭᠠᠷᠭᠠᠵᠤ᠂ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾ ᠢ ᠨᠡᠶᠢᠲᠡᠯᠡᠭᠰᠡᠨ ᠥᠩᠭᠡᠷᠡᠯᠲᠡ ᠪᠣᠯᠤᠨ ᠬᠤᠯᠪᠣᠭᠳᠠᠯ ᠪᠦᠬᠦᠢ ᠠᠭᠤᠯᠭ᠎ᠠ ᠶᠢ ᠨᠠᠷᠢᠨ ᠲᠠᠨᠢᠯᠴᠠᠭᠤᠯᠵᠤ ᠥᠭᠭᠦᠭᠰᠡᠨ ᠤ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠡᠯ᠎ᠡ ᠵᠦᠢᠯ ᠤᠨ ᠬᠠᠯᠠᠮᠰᠢᠯ ᠠᠰᠠᠭᠤᠳᠠᠯ ᠢ ᠲᠤᠬᠠᠶ ᠶᠢᠨ ᠲᠠᠯᠠᠪᠠᠶ ᠳᠤ ᠬᠠᠷᠢᠭᠤᠯᠵᠠᠶ᠃ ᠤᠯᠠᠨ ᠤᠳᠠᠭ᠎ᠠ ᠶᠢᠨ ᠰᠣᠯᠢᠯᠴᠠᠨ ᠶᠠᠷᠢᠯᠴᠠᠬᠤ ᠶᠠᠪᠤᠴᠠ ᠳᠤ᠂ ᠤᠯᠠᠨ ᠲᠦᠮᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠤᠯᠠᠮ ᠴᠢᠨᠠᠭᠰᠢᠳᠠ ᠬᠦᠷᠳᠡᠵᠤ᠂ ︽ᠬᠡᠷᠡᠭ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠡᠭᠡᠨ ᠬᠠᠤᠯᠢ ᠳᠤ ᠲᠦᠰᠢᠭᠯᠡᠬᠦ︾ ᠦᠵᠡᠯᠲᠡ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠠᠢ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠲᠠᠩᠭᠠᠷᠢᠭᠯᠠᠭᠰᠠᠨ ᠪᠥᠭᠡᠳ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠬᠠᠤᠯᠢ ᠴᠠᠭᠠᠵᠠ ᠶᠢᠨ ᠵᠣᠷᠢᠭ ᠰᠠᠨᠠᠭᠠᠨ ᠤ ᠮᠡᠳᠡᠯᠭᠡ ᠶᠢᠨ ᠰᠢᠨᠡᠴᠢᠯᠡᠯᠲᠡ ᠪᠠ ᠨᠥᠭᠡᠴᠡᠯᠡᠯᠲᠡ ᠶᠢ ᠴᠢᠩᠭᠠᠳᠬᠠᠵᠤ᠂ ᠤᠯᠠᠨ ᠲᠦᠮᠡᠨ ᠳᠤ ᠰᠠᠶᠢᠲᠤᠷ ᠦᠢᠯᠡᠴᠢᠯᠡᠨ᠎ᠡ︔ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠯ᠎ᠡ ᠵᠦᠢᠯ ᠤᠨ ᠬᠠᠥᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠬᠠᠥᠯᠢᠵᠢᠯ ᠤᠨ ᠰᠣᠶᠣᠯ ᠢ ᠤᠯᠠᠮᠵᠢᠯᠠᠵᠤ᠂ ᠬᠠᠥᠯᠢᠵᠢᠯ ᠤᠨ ᠦᠵᠡᠯ ᠰᠠᠨᠠᠭ᠎ᠠ ᠪᠠ ᠬᠠᠤᠯᠢ ᠴᠠᠭᠠᠵᠠ ᠶᠢᠨ ᠮᠡᠳᠡᠯᠭᠡ ᠶᠢ ᠰᠠᠶᠢᠲᠤᠷ ᠤᠯᠠᠮᠵᠢᠯᠠᠨ᠎ᠠ ᠭᠡᠵᠦ ᠢᠯᠡᠳᠭᠡᠪᠡ᠃ ᠡᠭᠦᠨ ᠠᠴᠠ ᠭᠠᠳᠠᠨ᠎ᠠ᠂ ᠤᠯᠠᠭᠠᠨᠮᠥ᠋ᠴᠢᠷ ᠤᠨ ᠪᠦᠯᠬᠦᠮ ᠨᠢ ᠰᠠᠭᠤᠭᠠᠯᠢ ᠠᠷᠠᠳ ᠲᠤ ᠦᠵᠡᠵᠦ ᠰᠣᠨᠢᠷᠬᠠᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠬᠦᠷᠭᠡᠵᠦ᠂ ᠰᠠᠶᠢᠨ ᠦᠨᠡᠯᠡᠯᠲᠡ ᠶᠢ ᠣᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠬᠠᠥᠯᠢᠵᠢᠯ ᠤᠨ ᠣᠶᠢᠯᠠᠭᠠᠭᠳᠠᠬᠤᠨ ᠢ ᠪᠦᠲᠦᠮᠵᠢᠲᠡᠶ ᠳᠡᠭᠡᠭᠰᠢᠯᠡᠭᠦᠯᠪᠡ᠃
     ᠢᠦᠢ ᠴᠢᠤᠸᠠᠨ ᠲᠣᠭᠤᠷᠢᠭ ᠤᠨ ᠬᠢᠨ ᠡᠨᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠰᠠᠷ᠎ᠠ ᠪᠠᠷ ᠥᠷᠨᠢᠭᠦᠯᠵᠦ᠂ ᠬᠠᠤᠯᠢᠵᠢᠯ ᠤᠨ ᠤᠬᠠᠭᠤᠯᠭ᠎ᠠ᠂ ᠬᠠᠤᠯᠢᠵᠢᠯ ᠤᠨ ᠬᠥᠮᠦᠵᠢᠯ ᠢ ᠦᠨᠳᠦᠰᠦᠨ ᠱᠠᠳᠤ ᠲᠡᠶᠢᠰᠢ ᠥᠷᠭᠡᠳᠬᠡᠬᠦ ᠶᠢ ᠢᠳᠡᠪᠬᠢᠲᠡᠢ ᠠᠬᠢᠭᠤᠯᠵᠤ᠂ ᠠᠶᠢᠯ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠨᠢᠭᠡᠴᠢ᠂ ᠪᠠᠶᠢᠭᠤᠯᠤᠯᠭ᠎ᠠ ᠵᠡᠷᠭᠡ ᠳᠤ ᠭᠦᠨᠵᠡᠭᠡᠶᠢᠷᠡᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠵᠤ᠂ ᠬᠠᠤᠯᠢᠵᠢᠯ ᠤᠨ ᠢᠦᠢ ᠴᠢᠤᠸᠠᠨ᠂ ᠠᠮᠤᠷ ᠠᠮᠤᠭᠤᠯᠠᠩ ᠢᠦᠢ ᠴᠢᠤᠸᠠᠨ ᠢ ᠪᠦᠳᠦᠬᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃      ᠲᠤᠰ ᠤᠳᠠᠭᠠᠨ ᠤ ᠠᠵᠢᠯᠯᠠᠭ᠎ᠠ ᠶᠢ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭ᠎ᠠ ᠲᠦᠷᠭᠡᠨ ᠭᠤᠤᠯ ᠪᠠᠯᠭᠠᠰᠤᠨ ᠤ ᠬᠤᠷᠢᠶ᠎ᠠ᠂ ᠶᠢᠨ ᠬᠥ᠋ ᠲᠠᠷᠢᠶᠠᠯᠠᠩ ᠬᠤᠳᠠᠯᠳᠤᠭᠠᠨ ᠤ ᠪᠠᠩᠬᠢ᠂ ᠶᠢᠨ ᠬᠥ᠋ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠡᠭᠦᠯᠡᠨ ᠳᠤᠮᠳᠠ ᠰᠠᠯᠪᠤᠷᠢ ᠪᠠᠩᠬᠢ ᠳᠠᠭᠠᠭᠠᠨ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠶ ᠴᠢᠤᠸᠠᠨ ᠲᠣᠭᠤᠷᠢᠭ ᠤᠨ ᠬᠤᠪᠢᠶᠠᠷᠢ ᠬᠤᠷᠢᠶ᠎ᠠ᠂ ᠢᠦᠶ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠢᠦᠶ ᠴᠢᠤᠸᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ᠂ ᠢᠦᠶ ᠴᠢᠤᠸᠠᠨ ᠲᠣᠭᠤᠷᠢᠭ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠬᠠᠮᠵᠢᠯᠴᠠᠨ ᠡᠷᠭᠢᠯᠡᠪᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号