ᠨᠠᠶᠢᠳᠠᠯᠭ᠎ᠠ ᠶᠢ ᠪᠠᠲᠤ ᠴᠡᠭᠡᠵᠢᠯᠡᠨ ᠳᠠᠬᠢᠨ ᠮᠣᠷᠳᠠᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ
ᠨᠡᠶᠢᠲᠡᠯᠡᠭᠰᠡᠨ ᠴᠠᠭ᠄
2024/3/28
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠢ ᠤᠷᠢᠵᠤ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠭᠤᠣᠯ ᠴᠣᠭᠴᠠᠲᠤ ᠠᠩᠭᠢ ᠳᠤ ︽ᠨᠠᠶᠢᠳᠠᠯᠭ᠎ᠠ ᠶᠢ ᠪᠠᠲᠤ ᠴᠡᠭᠡᠵᠢᠯᠡᠨ ᠳᠠᠬᠢᠨ ᠮᠣᠷᠳᠠᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠳᠠᠭᠤᠤ ᠬᠥᠭᠵᠢᠮ ᠤᠨ ᠨᠠᠮ ᠤᠨ ᠬᠢᠴᠢᠶᠡᠯ ᠣᠷᠣᠭᠤᠯᠪᠠ᠃
     ᠲᠣᠰ ᠤᠳᠠᠭᠠᠨ ᠤ ᠭᠤᠣᠯ ᠰᠡᠳᠦᠪᠲᠦ ᠳᠠᠭᠤᠤ ᠬᠥᠭᠵᠢᠮ ᠤᠨ ᠨᠠᠮ ᠤᠨ ᠬᠢᠴᠢᠶᠡᠯ ᠨᠢ ᠳᠠᠭᠤᠤ ᠬᠥᠭᠵᠢᠮ ᠤᠨ ᠬᠡᠯᠪᠡᠷᠢ ᠪᠠᠷ ᠨᠠᠮ ᠤᠨ ᠥᠯᠢᠭᠡᠷ ᠢ ᠰᠠᠶᠢᠬᠠᠨ ᠶᠠᠷᠢᠨ᠂ ᠳᠦᠷᠢ ᠳᠦᠷᠰᠦᠯᠢᠭ᠂ ᠠᠮᠢᠳᠤ ᠴᠣᠪᠣᠭᠤᠯᠢᠭ᠂ ᠮᠠᠰᠢ ᠶᠡᠭᠡ ᠨᠥᠯᠥᠭᠡᠯᠡᠬᠦ ᠬᠦᠴᠦᠨ ᠲᠠᠢ ᠪᠠᠶᠢᠵᠤ᠂ ᠬᠥᠮᠥᠰ ᠳᠠᠭᠤᠤ ᠬᠥᠭᠵᠢᠮ ᠤᠨ ᠨᠠᠮ ᠤᠨ ᠬᠢᠴᠢᠶᠡᠯ ᠠᠴᠠ ᠰᠦᠷ ᠳᠠᠯᠠᠶᠢᠴᠠᠲᠠᠢ ᠤᠶᠤᠨ ᠰᠠᠨᠠᠭᠠᠨ ᠤ ᠠᠤᠭ᠎ᠠ ᠬᠦᠴᠦᠨ ᠢ ᠰᠢᠩᠭᠡᠬᠡᠨ ᠠᠪᠴᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠨᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃ ᠰᠤᠷᠪᠤᠯᠵᠢᠯᠠᠭᠴᠢ ᠭᠧᠩ ᠰᠢᠨ ᠴᠢᠮᠡᠭᠡᠯᠡᠭᠴᠢ ᠹᠧᠩ ᠯᠢ ᠷᠦᠩ ᠯᠢᠨ ᠯᠠᠨ ᠢᠦᠢ ᠯᠧᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号