ᠬᠢᠷᠢ ᠲᠡᠩᠴᠡᠭᠰᠡᠨ ᠥᠬᠡᠶ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/3/28
     ᠮᠠᠨ ᠤ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠠᠴᠠ ︵ᠰᠢᠶᠠᠨ ᠤ ᠱᠠᠲᠤᠨ ᠤ ᠲᠤᠰᠬᠠᠶ ᠵᠦᠢᠯ︶ 2023 ᠣᠨ ᠤ ᠱᠠᠨ ᠰᠢ ᠶᠢᠨ ᠯᠢᠦᠶ ᠯᠢᠶᠠᠩ ᠹᠧᠨᠶᠠᠩ ᠰᠤᠷᠭᠠᠭᠤᠯᠢ ᠶᠢᠨ ᠬᠦᠷᠢᠶᠡᠨ ᠤ ᠲᠤᠰᠬᠠᠶ ᠰᠤᠭᠤᠴᠢᠨ ᠪᠠᠶᠢᠴᠠᠭᠠᠬᠤ ᠡᠭᠦᠷᠭᠡ ᠶᠢ ᠨᠢᠭᠡ ᠤᠯᠵᠤ᠂ ᠰᠢᠯᠭᠠᠨ ᠪᠠᠶᠢᠴᠠᠭᠠᠭᠰᠠᠨ ᠳ᠋ᠦᠩ ᠨᠢ ᠬᠢᠷᠢ ᠲᠡᠩᠴᠡᠭᠰᠡᠨ ᠥᠬᠡᠶ᠂ ᠣᠲᠣ ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠤᠯᠠᠭᠠᠨ ᠡᠯᠡᠰᠦᠨ ᠰᠢᠬᠢᠷ︔ ᠦᠯᠢᠭᠡᠷ ᠠᠪᠬᠤ ᠰᠠᠭᠤᠷᠢ ᠲᠤᠭ᠎ᠠ᠄ 10 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠲᠦᠷᠦᠯ ᠵᠦᠢᠯ᠄ ᠶᠡᠷᠦᠩᠬᠡᠶ ᠰᠢᠬᠢᠷ ᠤᠨ ᠲᠦᠷᠦᠯ ᠵᠦᠢᠯ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠤᠤᠮᠠᠢ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ᠃      ︵ᠬᠤᠶᠠᠷ︶ ᠬᠢᠷᠢ ᠲᠡᠩᠴᠡᠭᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠤᠯᠠᠭᠠᠨ ᠡᠯᠡᠰᠦᠨ ᠰᠢᠬᠢᠷ  ᠦᠢᠯᠡᠳᠪᠦᠷᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠤᠨ ᠨᠢᠭᠡᠳᠦᠭᠡᠷ ᠪᠠᠳᠠᠭ ᠤᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠳᠥᠷᠪᠡᠳᠦᠭᠡᠷ ᠵᠤᠷᠪᠤᠰ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠢᠳᠭᠡᠯ ᠥᠭᠪᠡ᠃      ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ ᠨᠢᠭᠡᠨᠲᠡ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠳᠡᠪᠰᠢᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠪᠲᠠᠨ ᠪᠠᠶᠢᠴᠠᠭᠠᠵᠤ ᠰᠢᠯᠭᠠᠨ ᠠᠪᠴᠠᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                    2024 ᠣᠨ ᠤ 3 ᠳ᠋ᠤᠭᠠᠷ ᠰᠠᠷ᠎ᠠ ᠶᠢᠨ 27 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号