ᠮᠠᠨ ᠤ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠠᠴᠠ ︵ | ᠰᠢᠶᠠᠨ ᠤ ᠱᠠᠲᠤᠨ ᠤ ᠲᠤᠰᠬᠠᠶ ᠵᠦᠢᠯ︶ 2023 ᠣᠨ ᠤ ᠱᠠᠨ ᠰᠢ ᠶᠢᠨ ᠯᠢᠦᠶ ᠯᠢᠶᠠᠩ ᠹᠧᠨᠶᠠᠩ | ᠰᠤᠷᠭᠠᠭᠤᠯᠢ ᠶᠢᠨ ᠬᠦᠷᠢᠶᠡᠨ ᠤ ᠲᠤᠰᠬᠠᠶ ᠰᠤᠭᠤᠴᠢᠨ ᠪᠠᠶᠢᠴᠠᠭᠠᠬᠤ ᠡᠭᠦᠷᠭᠡ ᠶᠢ ᠨᠢᠭᠡ ᠤᠯᠵᠤ᠂ ᠰᠢᠯᠭᠠᠨ | ᠪᠠᠶᠢᠴᠠᠭᠠᠭᠰᠠᠨ ᠳ᠋ᠦᠩ ᠨᠢ ᠬᠢᠷᠢ ᠲᠡᠩᠴᠡᠭᠰᠡᠨ ᠥᠬᠡᠶ᠂ ᠣᠲᠣ ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ ᠺᠣᠮᠫᠠᠨᠢ | ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ | ᠦᠯᠢᠭᠡᠷ ᠡᠳ᠋ ᠤᠨ ᠨᠡᠷᠡᠶᠢᠳᠦᠯ᠄ ᠤᠯᠠᠭᠠᠨ ᠡᠯᠡᠰᠦᠨ ᠰᠢᠬᠢᠷ︔ ᠦᠯᠢᠭᠡᠷ ᠠᠪᠬᠤ ᠰᠠᠭᠤᠷᠢ ᠲᠤᠭ᠎ᠠ᠄ 10 | ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠲᠦᠷᠦᠯ ᠵᠦᠢᠯ᠄ ᠶᠡᠷᠦᠩᠬᠡᠶ ᠰᠢᠬᠢᠷ ᠤᠨ ᠲᠦᠷᠦᠯ | ᠵᠦᠢᠯ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠤᠤᠮᠠᠢ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ᠃ | ︵ᠬᠤᠶᠠᠷ︶ ᠪᠠᠶᠢᠴᠠᠭᠠᠭᠰᠠᠨ ᠪᠠᠶᠢᠳᠠᠯ | ᠪᠠᠶᠢᠴᠠᠭᠠᠯᠲᠠ ᠪᠠᠷ ᠳᠠᠮᠵᠢᠭᠠᠳ᠂ ᠬᠥᠬᠡᠬᠤᠲᠠ ᠶᠢᠨ ᠰᠢᠨ ᠷᠦᠩ ᠴᠠᠩ ᠢᠳᠡᠭᠡᠨ ᠤ ᠬᠢᠵᠠᠭᠠᠷᠲᠤ | ᠺᠣᠮᠫᠠᠨᠢ ᠶᠢᠨ ᠦᠢᠯᠡᠳᠪᠦᠷᠢᠯᠡᠭᠰᠡᠨ ᠨᠡᠶᠢᠲᠡ 480 ᠤᠭᠤᠲᠠ ᠤᠯᠠᠭᠠᠨ ᠡᠯᠡᠰᠦᠨ ᠰᠢᠬᠢᠷ ᠨᠢ ᠨᠢᠭᠡᠨᠲᠡ | ᠪᠦᠬᠦᠨ ᠢᠶᠠᠷ ᠢᠶᠠᠨ ᠡᠵᠡᠩᠨᠡᠵᠦ᠂ ᠪᠠᠷᠠᠭᠠᠨ ᠤ ᠥᠷᠲᠡᠭ ᠨᠢ 480 ᠲᠥᠭᠦᠷᠢᠭ ᠬᠦᠷᠴᠡᠶ᠂ ᠬᠢᠨᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠣᠰ ᠺᠣᠮᠫᠠᠨᠢ ᠶᠢ ᠵᠠᠷᠯᠢᠭᠳᠠᠵᠤ ᠪᠠᠶᠢᠭᠠᠳ ᠡᠭᠡᠭᠦᠯᠦᠨ ᠠᠪᠴᠢᠷᠠᠬᠤ ᠲᠥᠯᠥᠪᠯᠡᠭᠡ | ᠲᠣᠭᠲᠠᠭᠠᠯᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠰᠡᠨ ᠥᠬᠡᠶ | ᠦᠢᠯᠡᠳᠬᠦᠨ ᠢ ᠡᠭᠡᠭᠦᠯᠦᠨ ᠠᠪᠴᠢᠷᠠᠭᠤᠯᠪᠠ᠃ | ᠬᠤᠶᠠᠷ᠂ ᠬᠡᠷᠡᠭᠯᠡᠭᠡᠨ ᠤ ᠰᠠᠨᠠᠭᠤᠯᠤᠮᠵᠢ | ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | 12315 ᠬᠠᠯᠠᠮᠰᠢᠯ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2024 ᠣᠨ ᠤ 3 ᠳ᠋ᠤᠭᠠᠷ ᠰᠠᠷ᠎ᠠ ᠶᠢᠨ 27 ᠤ ᠡᠳᠦᠷ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |