ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/29
     ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠰᠡᠭ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠥᠬᠦ ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠯᠠᠭᠠᠨ ᠨᠠᠷᠠᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ᠂ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ᠂ ᠲᠤᠰᠬᠠᠶ ᠠᠰᠢᠭ ᠭᠤᠶᠤᠴᠢᠯᠠᠬᠤ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
     ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠦᠬᠦ ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠬᠡᠷᠡᠭᠯᠡᠯᠲᠡ᠂ ᠬᠥᠭᠵᠢᠯᠲᠡ ᠶᠢᠨ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃
     ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠶᠢᠷ᠎ᠠ ᠶᠢᠨ ᠵᠢᠯ ᠤᠨ ᠲᠤᠷᠰᠢᠬᠢ ᠪᠥᠬᠦ ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠰᠠᠨ ᠤ ᠬᠠᠮᠲᠤ᠂ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠢᠦᠢ ᠴᠢᠤᠸᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠪᠣᠳᠠᠲᠠᠶ ᠬᠦᠴᠦ ᠣᠷᠣᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠨᠢᠭᠡ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠨᠡᠩ ᠶᠡᠭᠡ ᠡᠷᠴᠢᠮ ᠢᠶᠠᠷ ᠴᠢᠩᠭᠠᠳᠬᠠᠵᠤ᠂ ᠨᠡᠩ ᠥᠨᠳᠥᠷ ᠪᠦᠲᠦᠮᠵᠢᠲᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ᠂ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︔ ᠭᠤᠷᠪᠠ ᠳᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠣᠨᠴᠠᠭᠠᠶᠢᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠠᠮᠠᠭᠠᠯᠠᠯᠲᠠ ᠶᠢᠨ ᠬᠠᠲᠠᠭᠤ ᠲᠤᠨᠤᠭ ᠢ ᠲᠡᠭᠦᠯᠳᠡᠷᠵᠢᠭᠦᠯᠦᠨ ᠢᠵᠢ ᠪᠦᠷᠢᠳᠦᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠬᠠᠮᠠᠭᠠᠯᠠᠯᠲᠠ ᠶᠢᠨ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃               ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号