ᠢᠦᠶ ᠴᠢᠤᠸᠠᠨ ᠲᠣᠭᠤᠷᠢᠭ ᠤᠨ ᠨᠢᠭᠡᠳᠦᠭᠡᠷ ᠤᠯᠠᠷᠢᠯ ᠤᠨ ᠠᠮᠢᠳᠤᠷᠠᠯ ᠤᠨ ᠤᠤᠭᠤᠬᠤ ᠤᠰᠤᠨ ᠤ ᠴᠢᠨᠠᠷ ᠤᠨ ᠬᠢᠨᠠᠨ ᠬᠡᠮᠵᠢᠯᠲᠡ ᠶᠢᠨ ᠵᠠᠷᠯᠠᠯ
ᠨᠡᠶᠢᠲᠡᠯᠡᠭᠰᠡᠨ ᠴᠠᠭ᠄
2024/3/29
      ︽2024 ᠣᠨ ᠤ ᠬᠥᠬᠡᠬᠤᠲᠠ ᠶᠢᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠠᠵᠢᠯ ᠤᠨ ᠲᠥᠯᠥᠪᠯᠡᠭᠡ︾ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠠᠷᠠᠳ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠨᠢᠭᠡᠳᠦᠭᠡᠷ ᠤᠯᠠᠷᠢᠯ ᠳᠤ ᠬᠠᠷᠢᠶᠠᠲᠤ ᠣᠷᠣᠨ ᠤ ᠪᠠᠨ ᠠᠮᠢᠳᠤᠷᠠᠯ ᠤᠨ ᠤᠤᠭᠤᠬᠤ ᠤᠰᠤᠨ ᠳᠤ ᠤᠰᠤᠨ ᠤ ᠴᠢᠨᠠᠷ ᠤᠨ ᠠᠷᠢᠭᠤᠨ ᠴᠡᠪᠡᠷ ᠤᠨ ᠬᠢᠨᠠᠨ ᠬᠡᠮᠵᠢᠯᠲᠡ ᠬᠢᠵᠡᠶ᠂ ᠬᠠᠮᠤᠷᠬᠤ ᠬᠡᠪᠴᠢᠶ᠎ᠡ᠄ ᠬᠤᠲᠠ ᠶᠢᠨ ᠶᠠᠪᠤᠳᠠᠯ ᠤᠨ  ᠦᠢᠯᠡᠳᠪᠦᠷᠢ ᠠᠴᠠ ᠭᠠᠷᠭᠠᠬᠤ ᠤᠰᠤ᠂ ᠦᠵᠦᠭᠦᠷ ᠤᠨ ᠤᠰᠤ ᠵᠢᠴᠢ ᠬᠤᠶᠠᠳᠠᠬᠢ ᠤᠳᠠᠭᠠᠨ ᠤ ᠬᠠᠩᠭᠠᠬᠤ ᠤᠰᠤ᠂ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠲᠥᠪᠯᠡᠷᠡᠭᠦᠯᠦᠨ ᠬᠠᠩᠭᠠᠬᠤ ᠤᠰᠤᠨ ᠤ ᠦᠢᠯᠡᠳᠪᠦᠷᠢ ᠠᠴᠠ ᠭᠠᠷᠭᠠᠬᠤ ᠤᠰᠤ ᠵᠢᠴᠢ ᠦᠵᠦᠭᠦᠷ ᠤᠨ ᠤᠰᠤ ᠨᠡᠶᠢᠲᠡ 20 ᠬᠤᠪᠢ ᠪᠠᠶᠢᠵᠤ᠂ ᠪᠠᠶᠢᠴᠠᠭᠠᠨ ᠬᠡᠮᠵᠢᠯᠲᠡ ᠶᠢᠨ ᠡᠩ ᠤᠨ ᠭᠦᠢᠴᠡᠳᠭᠡᠯ ᠲᠤᠭ᠎ᠠ 39 ᠵᠦᠢᠯ ᠪᠠᠶᠢᠵᠤ᠂ 20 ᠬᠤᠪᠢ ᠤᠰᠤᠨ ᠤ ᠥᠯᠢᠭᠡᠷ ᠨᠢ ᠴᠥᠮ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ ᠨᠢ 100% ᠪᠣᠯᠤᠨ᠎ᠠ᠃      ᠬᠢᠨᠠᠨ ᠬᠡᠮᠵᠢᠬᠦ ᠴᠡᠭ ᠨᠢ ᠲᠤᠰ ᠲᠤᠰ᠄ ᠲᠠᠮᠠᠬᠢᠨ ᠤ ᠦᠢᠯᠡᠳᠪᠦᠷᠢ ᠶᠢᠨ ᠵᠣᠣ ᠵᠢᠶᠦ᠋ᠨ ᠬᠤᠷᠢᠶᠠᠯᠠᠯ ︵ᠨᠡᠬᠡᠮᠡᠯ ᠤᠨ ᠦᠢᠯᠡᠳᠪᠦᠷᠢ︶᠂ ᠢᠦᠶ ᠵᠢᠩ ᠶᠤᠸᠠᠨ ᠬᠤᠷᠢᠶᠠᠯᠠᠯ ︵ᠴᠢᠩ ᠴᠢᠤᠸᠠᠨ ᠵᠡᠭᠡᠯᠢ ᠶᠢᠨ ᠵᠡᠭᠦᠨ ᠣᠷᠳᠣᠰ ᠵᠡᠭᠡᠯᠢ ᠶᠢᠨ ᠬᠤᠶᠢᠨ᠎ᠠ︶᠂ ᠭᠤᠷᠪᠠᠳᠤᠭᠠᠷ ᠤᠰᠤᠨ ᠤ ᠦᠢᠯᠡᠳᠪᠦᠷᠢ᠂ ᠶᠢᠨ ᠾᠧ ᠤᠰᠤᠨ ᠤ ᠦᠢᠯᠡᠳᠪᠦᠷᠢ᠂ ᠭᠠᠵᠠᠷ ᠳᠣᠣᠷᠠᠬᠢ ᠠᠭᠤᠷᠬᠠᠶ ᠶᠢᠨ ᠰᠤᠳᠤᠯᠤᠯ ᠤᠨ ᠬᠦᠷᠢᠶᠡᠯᠡᠩ᠂ ᠭᠦᠩ ᠢ ᠳ᠋ᠢᠶᠠᠨ ᠪᠠᠭ᠎ᠠ ᠰᠤᠷᠭᠠᠭᠤᠯᠢ᠂ ᠣᠷᠳᠣᠰ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ︵ᠬᠠᠭᠤᠴᠢᠨ︶᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠢᠦᠶ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠦ᠋ ᠵᠧᠤ ᠶᠢᠨ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ᠂ ᠪᠥᠸᠧ ᠠᠶ ᠬᠤᠷᠢᠶᠠᠯᠠᠯ ︵ᠪᠠᠷᠠᠭᠤᠨ ᠲᠠᠪᠢᠨ ᠰᠦᠮ᠎ᠡ ᠵᠡᠭᠡᠯᠢ︶᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠥᠷᠥᠭᠡ ︵ᠢᠦᠶ ᠴᠢᠤᠸᠠᠨ ᠪᠠᠭᠤᠳᠠᠯ ᠤᠨ ᠶᠡᠭᠡ ᠡᠮᠦᠨ᠎ᠡ ᠵᠡᠭᠡᠯᠢ ᠶᠢᠨ ᠵᠡᠭᠦᠨ ᠭᠤᠳᠤᠮᠵᠢ︶᠂ ᠢᠦᠶ ᠴᠢᠤᠸᠠᠨ ᠲᠣᠭᠤᠷᠢᠭ ᠤᠨ ᠰᠢᠭᠦᠬᠦ ᠬᠤᠷᠢᠶ᠎ᠠ᠂ ᠱᠢ ᠳ᠋ᠦᠩ ᠵᠠᠮ ᠤᠨ ᠬᠡᠷᠡᠭ ᠡᠷᠬᠢᠯᠡᠬᠦ ᠭᠠᠵᠠᠷ᠂ ᠲᠦᠮᠡᠳ ᠰᠤᠷᠭᠠᠭᠤᠯᠢ᠂ ᠰᠠᠨ ᠾᠧ ᠶᠡᠭᠡ ᠪᠠᠭᠤᠳᠠᠯ᠂ ᠮᠢᠩ ᠨᠠ ᠤᠬᠢᠶᠠᠯᠭ᠎ᠠ ᠶᠢᠨ ᠭᠠᠵᠠᠷ᠂ ᠵᠣᠣ ᠵᠢᠶᠦ᠋ᠨ ᠤᠰᠤᠨ ᠤ ᠦᠢᠯᠡᠳᠪᠦᠷᠢ᠂ ᠲᠤᠬᠤᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠤᠰᠤᠨ ᠤ ᠶᠠᠩᠵᠤ᠃      ᠪᠠᠶᠢᠴᠠᠭᠠᠨ ᠰᠢᠯᠭᠠᠬᠤ ᠦᠨᠳᠦᠰᠦᠯᠡᠯ᠄ GB/T5750 — 2023 ︽ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠶᠢ ᠪᠠᠶᠢᠴᠠᠭᠠᠨ ᠰᠢᠯᠭᠠᠬᠤ ᠠᠷᠭ᠎ᠠ︾      ᠦᠨᠡᠯᠡᠬᠦ ᠦᠨᠳᠦᠰᠦᠯᠡᠯ᠄ GB 5749 — 2022 ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾᠃      ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ                      2024 ᠣᠨ ᠤ 3 ᠳ᠋ᠤᠭᠠᠷ ᠰᠠᠷ᠎ᠠ ᠶᠢᠨ 27 ᠤ ᠡᠳᠦᠷ            ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号