ᠬᠡᠷᠡᠭᠯᠡᠬᠦ ᠶᠢ ᠬᠤᠷᠢᠬᠯᠠᠨ᠎ᠠ︕ ᠸᠢᠴᠠᠲ ᠤᠨ ᠬᠢᠨ ᠬᠠᠮᠤᠭ ᠤᠨ ᠰᠢᠨ᠎ᠡ ᠠᠯᠪᠠᠨ ᠵᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/3/29
     ᠸᠢᠴᠠᠲ ᠤᠨ ᠠᠮᠤᠷ ᠲᠦᠪᠰᠢᠨ ᠤ ᠲᠥᠪ ᠤᠨ ᠬᠢᠨ  26 ᠤ  ᠡᠳᠦᠷ  ︽ᠸᠢᠴᠠᠲ ᠲᠤ  ︿ ᠭᠠᠳᠠᠭᠰᠢ ᠳ᠋ᠤᠭᠠᠷᠯᠠᠨ ᠵᠠᠯᠭᠠᠬᠤ﹀ ᠶᠠᠪᠤᠳᠠᠯ ᠬᠢᠵᠦ ᠪᠠᠶᠢᠭ᠎ᠠ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠯᠪᠠᠨ ᠵᠠᠷ︾ ᠢ ᠨᠡᠶᠢᠲᠡᠯᠡᠪᠡ᠃ ᠬᠡᠷᠡᠭᠯᠡᠭᠴᠢ ᠨᠢ ᠸᠢᠴᠠᠲ ᠤᠨ ᠵᠥᠭᠡᠯᠡᠨ ᠲᠣᠨᠤᠭ ᠢ ᠬᠡᠷᠡᠭᠯᠡᠬᠦ ᠶᠠᠪᠤᠴᠠ ᠳᠤ ᠬᠡᠷᠡᠭᠯᠡᠭᠴᠢ ᠶᠢᠨ ᠣᠶᠢᠯᠠᠭᠠᠯᠲᠠ ᠶᠢ ᠨᠥᠯᠥᠭᠡᠯᠡᠬᠦ᠂ ᠲᠸᠡᠭ ᠰᠢᠶᠦ᠋ᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ  ᠬᠠᠯᠳᠠᠬᠤ᠂ ᠲᠠᠪᠴᠠᠩ ᠤᠨ ᠠᠮᠤᠷ ᠲᠦᠪᠰᠢᠨ ᠢ ᠰᠦᠷᠳᠡᠭᠦᠯᠬᠦ᠂ ᠪᠤᠰᠤᠳ ᠤᠨ ᠡᠷᠬᠡ ᠠᠰᠢᠭ ᠢ ᠬᠤᠬᠢᠷᠠᠭᠤᠯᠬᠤ ᠦᠢᠯᠡ ᠠᠵᠢᠯᠯᠠᠭ᠎ᠠ ᠶᠢ ᠬᠢᠵᠦ ᠪᠣᠯᠬᠤ ᠥᠬᠡᠶ ᠬᠡᠪᠡ᠃              ︽ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠢ ᠬᠡᠷᠡᠭᠯᠡᠬᠦ ᠵᠢᠷᠤᠮᠵᠢᠯ︾ ᠤᠨ ᠲᠣᠭᠲᠠᠭᠠᠯ ᠢ ᠦᠨᠳᠦᠰᠦᠯᠡᠪᠡᠯ᠂ ᠸᠢᠴᠠᠲ ᠤᠨ ᠬᠢᠨ ᠡᠯ᠎ᠡ ᠲᠥᠷᠥᠯ ᠤᠨ ︽ᠭᠠᠳᠠᠭᠰᠢ ᠳ᠋ᠤᠭᠠᠷᠯᠠᠨ ᠵᠠᠯᠭᠠᠬᠤ︾ ᠶᠠᠪᠤᠳᠠᠯ ᠢ ᠬᠤᠷᠢᠬᠯᠠᠨ᠎ᠠ ᠭᠡᠵᠦ ᠲᠣᠳᠣᠷᠬᠠᠶ ᠲᠣᠭᠲᠠᠭᠠᠵᠠᠶ᠃ ᠭᠡᠪᠡᠴᠦ ᠣᠶᠢᠷ᠎ᠠ ᠳᠤ ᠬᠡᠰᠡᠭ ᠬᠡᠷᠡᠭᠯᠡᠭᠴᠢ ︽ᠭᠠᠳᠠᠭᠰᠢ ᠳ᠋ᠤᠭᠠᠷᠯᠠᠨ ᠵᠠᠯᠭᠠᠬᠤ︾ ᠵᠥᠭᠡᠯᠡᠨ ᠲᠣᠨᠤᠭ ᠢ ᠣᠯᠠᠨ ᠤᠳᠠᠭ᠎ᠠ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠪᠤᠶᠤ ᠨᠠᠶᠢᠵᠠ ᠶᠢᠨ ᠲᠣᠭᠤᠷᠢᠭ ᠲᠤ ︽ᠭᠠᠳᠠᠭᠰᠢ ᠳ᠋ᠤᠭᠠᠷᠯᠠᠨ ᠵᠠᠯᠭᠠᠬᠤ︾ ᠬᠤᠳᠠᠯᠳᠤᠭᠠᠨ ᠤ ᠮᠡᠳᠡᠭᠡ ᠵᠠᠩᠭᠢ ᠨᠡᠶᠢᠲᠡᠯᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠤᠯᠵᠤ ᠮᠡᠳᠡᠵᠡᠢ᠃ ᠡᠭᠦᠨ ᠤ ᠲᠤᠬᠠᠢ ᠸᠢᠴᠠᠲ ᠤᠨ ᠠᠮᠤᠷ ᠲᠦᠪᠰᠢᠨ ᠤ ᠪᠦᠯᠬᠦᠮ ᠨᠡᠶᠢᠲᠡ ᠶᠢᠨ ᠬᠢᠨ ᠲᠤᠰᠬᠠᠶᠢᠯᠠᠨ ᠴᠡᠪᠡᠷᠯᠡᠬᠦ ᠠᠵᠢᠯ ᠦᠷᠨᠢᠬᠦᠯᠬᠦ ᠶᠢᠨ ᠬᠠᠮᠲᠤ ᠴᠡᠪᠡᠷᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠬᠡᠮᠵᠢᠶ ᠶᠢ ᠦᠵᠡᠵᠦ ᠪᠠᠶᠢᠭᠠᠳ ᠱᠠᠲᠤᠯᠢᠭ ᠢᠶᠠᠷ ᠰᠢᠢᠳᠪᠦᠷᠢᠯᠡᠨ᠎ᠡ︔ ᠣᠯᠠᠨ ᠤᠳᠠᠭ᠎ᠠ ᠲᠣᠭᠲᠠᠭᠠᠯ ᠠᠴᠠ ᠵᠥᠷᠢᠴᠡᠭᠰᠡᠳ ᠢ ᠬᠦᠨᠳᠦ ᠪᠠᠷ ᠰᠢᠢᠳᠭᠡᠨ᠎ᠡ ᠬᠡᠵᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号