ᠢᠦᠢ ᠴᠢᠤᠸᠠᠨ ᠲᠣᠭᠤᠷᠢᠭ ᠤᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/29
ᠬᠠᠶᠢᠷᠠᠲᠤ ᠰᠠᠭᠤᠭᠠᠯᠢ ᠠᠷᠠᠳ ᠨᠠᠶᠢᠵᠠ ᠨᠠᠷ ᠠ᠄      ᠲᠦᠷᠪᠡᠨ ᠰᠠᠷ᠎ᠠ ᠶᠢᠨ ᠠᠯᠬᠤᠭ᠎ᠠ ᠪᠠᠷ ᠪᠢᠳᠡ 36 ᠳ᠋ᠤᠭᠠᠷ ᠪᠠᠰᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠᠨ ᠤᠭᠲᠤᠨ ᠠᠪᠤᠯ᠎ᠠ᠃ ᠡᠨᠡ ᠵᠢᠯ ᠤᠨ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠴᠢᠭᠢᠷᠠᠭ ᠪᠡᠶ᠎ᠡ ᠶᠢᠨ ᠬᠦᠨᠳᠦ︾ ᠭᠡᠬᠦ ᠭᠤᠤᠯ ᠰᠡᠳᠦᠪ ᠨᠢ ᠥᠷ ᠤᠨ ᠲᠤᠶᠠᠭ᠎ᠠ ᠮᠡᠲᠦ ᠪᠢᠳᠡᠨ ᠤ ᠡᠷᠡᠭᠦᠯ ᠮᠡᠨᠳᠦ ᠶᠢ ᠬᠥᠭᠡᠭᠡᠴᠡᠯᠳᠦᠬᠦ ᠵᠠᠮ ᠢ ᠭᠡᠷᠡᠯᠲᠦᠭᠦᠯᠵᠡᠶ᠃ ᠪᠢᠳᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠠᠮᠢᠳᠤᠷᠠᠯ ᠤᠨ ᠠᠶᠢᠵᠠᠮ ᠤᠨ ᠲᠦᠷᠭᠡᠳᠬᠦ ᠪᠠ ᠢᠳᠡᠭᠡᠨ ᠤᠮᠳᠠᠭᠠᠨ ᠤ ᠪᠦᠲᠦᠴᠡ ᠶᠢᠨ ᠬᠤᠪᠢᠷᠠᠯᠲᠠ ᠶᠢᠨ ᠮᠠᠨ ᠤ ᠪᠡᠶ᠎ᠡ ᠶᠢᠨ ᠬᠦᠨᠳᠦ ᠳᠤ ᠦᠵᠡᠭᠦᠯᠬᠦ ᠨᠥᠯᠥᠭᠡ ᠶᠢ ᠨᠡᠩ ᠠᠩᠬᠠᠷᠬᠤ ᠬᠡᠷᠡᠭᠲᠡᠶ᠃ ᠮᠠᠷᠢᠶᠠᠯᠠᠬᠤ᠂ ᠬᠦᠨᠳᠦ ᠠᠴᠠ ᠬᠡᠲᠦᠷᠡᠬᠦ ᠠᠰᠠᠭᠤᠳᠠᠯ ᠮᠠᠨ ᠤ ᠡᠷᠡᠭᠦᠯ ᠴᠢᠭᠢᠷᠠᠭ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠠᠭᠠᠵᠢᠮ ᠢᠶᠠᠷ ᠨᠥᠯᠥᠭᠡᠯᠡᠵᠦ ᠪᠠᠶᠢᠨ᠎ᠠ᠃ ᠪᠢᠳᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠲᠥᠯᠥᠭᠡ᠂ ᠠᠮᠢᠳᠤᠷᠠᠯ ᠢ ᠨᠡᠩ ᠰᠠᠶᠢᠨ ᠡᠳ᠋ᠯᠡᠬᠦ ᠶᠢᠨ ᠲᠥᠯᠥᠭᠡ᠂ ᠪᠢᠳᠡ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠪᠡᠶ᠎ᠡ ᠶᠢᠨ ᠬᠦᠨᠳᠦ ᠶᠢᠨ ᠠᠰᠠᠭᠤᠳᠠᠯ ᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠡᠷᠡᠭᠦᠯ ᠴᠢᠭᠢᠷᠠᠭ ᠪᠡᠶ᠎ᠡ ᠶᠢᠨ ᠬᠦᠨᠳᠦ ᠶᠢᠨ ᠬᠠᠷᠠᠯᠲᠠ ᠪᠠᠨ ᠪᠡᠶᠡᠯᠡᠭᠦᠯᠦᠶ᠎ᠡ᠃      1. ᠰᠢᠨᠵᠢᠯᠡᠬᠦ ᠤᠬᠠᠭᠠᠨᠴᠢ ᠪᠠᠷ ᠢᠳᠡᠵᠦ ᠤᠤᠭᠤᠬᠤ᠄ ᠢᠳᠡᠭᠡᠨ ᠤᠮᠳᠠᠭᠠᠨ ᠪᠣᠯ ᠪᠡᠶ᠎ᠡ ᠶᠢᠨ ᠬᠦᠨᠳᠦ ᠶᠢ ᠬᠢᠵᠠᠭᠠᠷᠯᠠᠬᠤ ᠶᠢᠨ ᠰᠠᠭᠤᠷᠢ ᠴᠢᠯᠠᠭᠤ ᠮᠥᠨ᠂ ᠪᠢᠳᠡ ᠡᠷᠡᠭᠦᠯ ᠴᠢᠭᠢᠷᠠᠭ ᠢᠳᠡᠭᠡᠨ ᠤᠮᠳᠠᠭᠠᠨ ᠤ ᠳᠠᠳᠬᠠᠯ ᠢ ᠬᠥᠮᠦᠵᠢᠭᠦᠯᠦᠨ᠂ ᠥᠨᠳᠥᠷ ᠢᠯᠴᠢ ᠲᠠᠢ᠂ ᠥᠨᠳᠥᠷ ᠥᠭᠡᠬᠦ ᠲᠠᠢ᠂ ᠥᠨᠳᠥᠷ ᠰᠢᠬᠢᠷ ᠲᠠᠢ ᠢᠳᠡᠭᠡᠨ ᠠᠴᠠ ᠰᠠᠯᠵᠤ᠂ ᠢᠳᠡᠰᠢᠨ ᠨᠣᠭᠤᠭ᠎ᠠ᠂ ᠵᠢᠮᠢᠰ ᠪᠣᠯᠤᠨ ᠪᠦᠬᠦ ᠠᠮᠤ ᠪᠤᠳᠠᠭᠠᠨ ᠤ ᠲᠥᠷᠥᠯ ᠤᠨ ᠢᠳᠡᠭᠡᠨ ᠲᠠᠢ ᠳᠣᠲᠣᠨᠣ ᠬᠠᠨᠢᠲᠠᠨ ᠪᠤᠯᠤᠨ᠎ᠠ᠃ ᠢᠳᠡᠭᠡᠨ ᠤᠮᠳᠠᠭᠠᠨ ᠢᠶᠠᠨ ᠵᠣᠬᠢᠰᠲᠠᠶ ᠲᠣᠬᠢᠷᠠᠭᠤᠯᠵᠤ᠂ ᠬᠡᠲᠦᠷᠡᠲᠡᠯ᠎ᠡ ᠢᠳᠡᠵᠦ ᠤᠤᠭᠤᠬᠤ ᠶᠢ ᠲᠡᠪᠴᠢᠵᠦ᠂ ᠰᠢᠮ᠎ᠡ ᠲᠡᠵᠢᠭᠡᠯ ᠤᠨ ᠲᠡᠩᠴᠡᠭᠦᠷᠢ ᠶᠢ ᠪᠠᠲᠤᠯᠠᠬᠤ ᠠᠮᠲᠠᠲᠤ ᠢᠳᠡᠭᠡᠨ ᠢ ᠡᠳ᠋ᠯᠡᠨ᠎ᠡ᠃      2. ᠬᠥᠳᠡᠯᠭᠡᠭᠡᠨ ᠬᠢᠵᠦ ᠠᠮᠢᠵᠢᠷᠠᠯ ᠤᠨ ᠬᠦᠴᠦᠨ ᠲᠠᠢ ᠪᠤᠯᠬᠤ᠄ ᠥᠪᠡᠷ ᠤᠨ ᠪᠡᠶ᠎ᠡ ᠳᠡᠭᠡᠨ ᠲᠣᠬᠢᠷᠠᠭᠤᠯᠤᠨ ᠬᠥᠳᠡᠯᠭᠡᠭᠡᠨ ᠤ ᠲᠥᠯᠥᠪᠯᠡᠭᠡ ᠲᠣᠭᠲᠠᠭᠠᠵᠤ᠂ ᠡᠳᠦᠷ ᠪᠦᠷᠢ ᠵᠣᠬᠢᠬᠤ ᠬᠡᠮᠵᠢᠶᠡᠨ ᠤ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠶᠢ ᠪᠠᠷᠢᠮᠲᠠᠯᠠᠬᠤ᠂ ᠵᠢᠱᠢᠶᠡᠯᠡᠪᠡᠯ ᠬᠤᠷᠳᠤᠨ ᠠᠯᠬᠤᠬᠤ᠂ ᠭᠦᠶᠦᠬᠦ᠂ ᠱᠠᠲᠤ ᠠᠪᠠᠷᠢᠬᠤ᠂ ᠳᠤᠭᠤᠶ ᠤᠨᠤᠬᠤ᠂ ᠡᠰᠡᠬᠦᠯ᠎ᠡ ᠥᠳᠥᠨ ᠪᠥᠮᠪᠦᠭᠡ ᠶᠢᠨ ᠤᠷᠤᠯᠳᠤᠭᠠᠨ᠂ ᠰᠠᠭᠰᠤᠨ ᠪᠥᠮᠪᠦᠭᠡ ᠶᠢᠨ ᠤᠷᠤᠯᠳᠤᠭᠠᠨ ᠵᠡᠷᠭᠡ ᠡᠯ᠎ᠡ ᠵᠦᠢᠯ ᠤᠨ ᠰᠣᠨᠢᠷᠬᠠᠯᠲᠠᠶ ᠲᠠᠮᠢᠷ ᠤᠨ ᠬᠥᠳᠡᠯᠭᠡᠭᠡᠨ ᠳᠤ ᠣᠷᠣᠯᠴᠠᠨ᠎ᠠ᠃ ᠡᠭᠦᠨ ᠤ ᠬᠠᠮᠲᠤ᠂ ᠬᠦᠴᠦᠨ ᠤ ᠪᠣᠯᠪᠠᠰᠤᠷᠠᠯ ᠲᠠᠢ ᠤᠶᠠᠯᠳᠤᠭᠤᠯᠤᠨ᠂ ᠡᠷᠡᠭᠦᠯ ᠴᠢᠭᠢᠷᠠᠭ ᠪᠡᠶ᠎ᠡ ᠮᠠᠬᠠᠪᠣᠳ ᠢ ᠪᠣᠢ ᠪᠣᠯᠭᠠᠵᠤ᠂ ᠪᠡᠶ᠎ᠡ ᠮᠠᠬᠠᠪᠣᠳ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢᠨ ᠭᠠᠯ ᠢ ᠨᠣᠴᠣᠭᠠᠨ᠎ᠠ᠃      3. ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠬᠤᠪᠢᠷᠠᠯᠲᠠ ᠶᠢ ᠠᠩᠬᠠᠷᠬᠤ᠄ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠬᠦᠨᠳᠦ ᠪᠠ ᠪᠡᠶ᠎ᠡ ᠶᠢᠨ ᠪᠠᠶᠢᠳᠠᠯ ᠢ ᠰᠢᠯᠭᠠᠨ ᠪᠠᠶᠢᠴᠠᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠢᠳᠡᠭᠡᠨ ᠤᠮᠳᠠᠭᠠᠨ ᠪᠠ ᠬᠥᠳᠡᠯᠭᠡᠭᠡᠨ ᠤ ᠲᠥᠯᠥᠪᠯᠡᠭᠡ ᠪᠠᠨ ᠠᠮᠢᠳᠤᠯᠢᠭ ᠢᠶᠠᠷ ᠲᠣᠬᠢᠷᠠᠭᠤᠯᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠮᠠᠨ ᠤ ᠠᠮᠢᠳᠤᠷᠠᠯ ᠤᠨ ᠳᠤᠲᠠᠭᠳᠠᠵᠤ ᠪᠣᠯᠤᠰᠢ ᠦᠭᠡᠢ ᠨᠢᠭᠡ ᠬᠡᠰᠡᠭ ᠪᠣᠯᠭᠠᠨ᠎ᠠ᠃      ᠪᠢᠳᠡ ᠭᠠᠷ ᠬᠤᠯᠪᠣᠨ ᠴᠢᠷᠮᠠᠶᠢᠵᠤ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠡᠳᠦᠷ ᠲᠤᠳᠤᠮ ᠤᠨ ᠠᠮᠢᠳᠤᠷᠠᠯ ᠳᠤ ᠠᠭᠤᠰᠬᠠᠵᠤ᠂ ᠬᠥᠳᠡᠯᠭᠡᠭᠡᠨ ᠢ ᠪᠢᠳᠡᠨ ᠤ ᠪᠠᠶᠠᠷ ᠪᠠᠶᠠᠰᠤᠯ ᠤᠨ ᠡᠬᠢ ᠪᠤᠯᠠᠭ ᠪᠣᠯᠭᠠᠶ᠎ᠠ᠃ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠴᠢᠭᠢᠷᠠᠭ ᠪᠡᠶ᠎ᠡ ᠶᠢᠨ ᠬᠦᠨᠳᠦ︾ ᠭᠡᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠡᠷᠡᠭᠦᠯ ᠴᠢᠭᠢᠷᠠᠭ ᠪᠡᠶ᠎ᠡ ᠶᠢᠨ ᠬᠦᠨᠳᠦ ᠶᠢ ᠬᠥᠭᠡᠭᠡᠴᠡᠯᠳᠦᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠶ᠎ᠡ︕      ᠢᠦᠢ ᠴᠢᠤᠸᠠᠨ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠦᠪᠯᠡᠯ ᠤᠨ ᠠᠯᠪᠠᠨ ᠭᠡᠷ                       2024 ᠣᠨ ᠤ 3 ᠳ᠋ᠤᠭᠠᠷ ᠰᠠᠷ᠎ᠠ ᠶᠢᠨ 28 ᠤ ᠡᠳᠦᠷ        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号