ᠢᠦᠶ ᠴᠢᠤᠸᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ᠄ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ ᠦᠢᠯᠡᠴᠢᠯᠡᠭᠡᠨ ᠤ ᠮᠥᠨ ᠴᠢᠨᠠᠷ ᠢ ᠦᠢᠯᠡᠳᠦᠯᠭᠡᠵᠢᠭᠦᠯᠦᠨ᠎ᠡ
ᠨᠡᠶᠢᠲᠡᠯᠡᠭᠰᠡᠨ ᠴᠠᠭ᠄
2024/3/29
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ   ᠲᠤᠭᠤᠰᠢᠯᠠᠭᠤᠯᠵᠤ᠂ ᠡᠵᠡᠩᠨᠡᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ︽ᠲᠣᠬᠢᠷᠠᠭᠤᠯᠬᠤ ᠪᠠᠷ ᠭᠤᠣᠯ ᠪᠣᠯᠭᠠᠵᠤ᠂ ᠬᠠᠰᠤᠬᠤ ᠪᠠᠷ ᠬᠠᠪᠰᠤᠷᠤᠮᠵᠢ ᠪᠣᠯᠭᠠᠵᠤ᠂ ᠪᠣᠳᠠᠲᠠᠶ ᠪᠠᠷ ᠦᠨᠳᠦᠰᠦᠯᠡᠯ ᠪᠣᠯᠭᠠᠵᠤ᠂ ᠬᠠᠤᠯᠢ ᠪᠠᠷ ᠪᠠᠷᠢᠮᠵᠢᠶ᠎ᠠ ᠪᠣᠯᠭᠠᠬᠤ︾ ᠵᠠᠷᠴᠢᠮ ᠶᠣᠰᠣᠭᠠᠷ᠂ ᠠᠰᠠᠭᠤᠳᠠᠯ ᠤᠨ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠵᠥᠷᠢᠴᠡᠯ ᠤᠨ ᠵᠠᠩᠭᠢᠯᠠᠭ᠎ᠠ ᠶᠢᠨ ᠴᠡᠭ ᠢ ᠠᠳᠬᠤᠵᠤ᠂ ᠠᠰᠠᠭᠤᠳᠠᠯ ᠢ ᠰᠢᠢᠳᠪᠦᠷᠢᠯᠡᠬᠦ ᠨᠡᠶᠢᠲᠡᠯᠢᠭ ᠲᠠᠯ᠎ᠠ ᠶᠢ ᠡᠷᠢᠵᠦ᠂ ︽ᠤᠷᠢᠳ ᠢᠶᠠᠷ ᠡᠶᠡᠳᠡᠭᠦᠯᠵᠦ ᠲᠠᠷᠠᠭ᠎ᠠ ᠨᠢ ᠲᠣᠭᠲᠠᠭᠠᠬᠤ᠂ ᠤᠷᠢᠳ ᠢᠶᠠᠷ ᠡᠶᠡᠳᠡᠭᠦᠯᠵᠦ ᠲᠠᠷᠠᠭ᠎ᠠ ᠨᠢ ᠰᠢᠭᠦᠬᠦ᠂ ᠤᠷᠢᠳ ᠢᠶᠠᠷ ᠡᠶᠡᠳᠡᠭᠦᠯᠵᠦ ᠲᠠᠷᠠᠭ᠎ᠠ ᠨᠢ ᠲᠠᠰᠤᠯᠬᠤ︾ ᠬᠡᠷᠡᠭ ᠰᠢᠢᠳᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠢᠭᠡ ᠬᠡᠷᠡᠭ ᠢ ᠲᠦᠷᠪᠡᠨ ᠲᠠᠯ᠎ᠠ ᠪᠠᠷ ᠲᠣᠬᠢᠷᠠᠭᠤᠯᠬᠤ︾ ︵ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ ᠡᠶᠡᠳᠡᠭᠦᠯᠬᠦ᠂ ᠲᠢᠩᠬᠢᠮ ᠨᠡᠭᠡᠭᠡᠵᠦ ᠰᠢᠭᠦᠬᠦ ᠠᠴᠠ ᠡᠮᠦᠨ᠎ᠡ ᠡᠶᠡᠳᠡᠭᠦᠯᠬᠦ᠂ ᠲᠢᠩᠬᠢᠮ ᠤᠨ ᠰᠢᠭᠦᠯᠲᠡ ᠶᠢᠨ ᠶᠠᠪᠤᠴᠠ ᠳᠤ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠠᠴᠠ ᠡᠮᠦᠨ᠎ᠡ ᠡᠶᠡᠳᠡᠭᠦᠯᠬᠦ︶ ᠶᠢ ᠢᠳᠡᠪᠬᠢᠲᠡᠶ ᠶᠠᠪᠤᠭᠤᠯᠵᠤ᠂ ᠡᠶᠡᠳᠡᠭᠦᠯᠭᠡ ᠶᠢ ᠬᠥᠨᠳᠡᠯᠡᠨ ᠠᠴᠠ ᠲᠠᠰᠤᠯᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠵᠢᠭᠤᠷᠠᠯᠳᠤᠭᠠᠨ ᠢ ᠠᠯᠢ ᠴᠢᠳᠠᠬᠤ ᠪᠠᠷ ᠠᠷᠢᠯᠭᠠᠵᠤ᠂ ᠬᠥᠳᠡᠯᠮᠦᠷᠢᠴᠢᠨ ᠬᠥᠷᠥᠩᠭᠡᠲᠡᠨ ᠬᠤᠶᠠᠷ ᠲᠠᠯ᠎ᠠ ᠪᠠᠷ ᠢᠶᠠᠨ ᠠᠰᠢᠭ ᠬᠥᠷᠳᠡᠬᠦ ᠶᠢ ᠪᠡᠶᠡᠯᠡᠭᠦᠯᠦᠨ᠎ᠡ᠃
     2024 ᠣᠨ ᠤ ᠡᠬᠢ ᠪᠠᠷ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠦᠢᠯᠡᠴᠢᠯᠡᠭᠡᠨ ᠤ ᠪᠠᠷᠢᠮᠵᠢᠶ᠎ᠠ ᠪᠠ ᠬᠡᠷᠡᠭ ᠰᠢᠢᠳᠭᠡᠬᠦ ᠳᠡᠰ ᠳᠠᠷᠠᠭᠠᠯᠠᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠵᠢᠱᠢᠶᠡᠴᠢ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠲᠤ ᠲᠥᠬᠦᠮ ᠦᠵᠡᠭᠦᠯᠬᠦ ᠲᠤᠯᠤᠭᠠᠨ ᠶᠡᠭᠡ ᠪᠣᠯᠪᠠᠰᠤᠨ ᠠᠷᠭ᠎ᠠ ᠬᠡᠮᠵᠢᠶ᠎ᠡ ᠶᠢ ᠲᠣᠭᠲᠠᠭᠠᠪᠠ᠂ ᠵᠢᠱᠢᠶᠡᠯᠡᠪᠡᠯ ︽ᠲᠦᠷᠭᠡᠨ ᠲᠠᠰᠤᠯᠬᠤ ᠲᠢᠩᠬᠢᠮ︾ ᠤᠨ ᠬᠡᠷᠡᠭ ᠰᠢᠢᠳᠭᠡᠬᠦ ᠲᠦᠷᠢᠮ ᠢ ᠪᠠᠶᠢᠭᠤᠯᠬᠤ᠂ ᠪᠠᠭᠤᠷᠠᠶ ᠬᠠᠮᠲᠤᠯᠢᠭ ᠵᠢᠴᠢ ᠬᠥᠯᠥᠰᠥᠨ ᠠᠵᠢᠯᠴᠢᠨ ᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠬᠦ᠂ ᠲᠤᠰᠬᠠᠶ ᠮᠡᠷᠭᠡᠵᠢᠯ ᠤᠨ ᠠᠮᠤᠷ ᠢ ᠬᠠᠮᠠᠭᠠᠯᠠᠬᠤ ᠠᠵᠢᠯᠲᠠᠨ ᠵᠢᠴᠢ ᠠᠮᠤᠷ ᠲᠦᠪᠰᠢᠨ ᠤ ᠪᠠᠶᠢᠴᠠᠭᠠᠯᠲᠠ ᠶᠢᠨ ᠪᠠᠶᠢᠴᠠᠭᠠᠨ ᠬᠡᠮᠵᠢᠬᠦ ᠪᠠᠭᠠᠵᠢ ᠬᠡᠷᠡᠭᠰᠡᠯ ᠢ ᠳᠣᠭᠢᠷᠠᠭᠤᠯᠬᠤ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠰᠢᠭᠦᠯᠲᠡ ᠶᠢᠨ ᠠᠮᠤᠷ ᠲᠦᠪᠰᠢᠨ ᠪᠠ ᠡᠮᠬᠢ ᠵᠢᠷᠤᠮ ᠢ ᠬᠠᠮᠠᠭᠠᠯᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠦᠢ ᠴᠢᠤᠸᠠᠨ ᠲᠣᠭᠤᠷᠢᠭ ᠤᠨ ᠬᠥᠳᠡᠯᠮᠦᠷᠢ ᠶᠢᠨ ᠡᠶᠡᠳᠡᠭᠦᠯᠭᠡ ᠪᠠ ᠬᠥᠨᠳᠡᠯᠡᠨ ᠠᠴᠠ ᠲᠠᠰᠤᠯᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃
     ᠰᠢᠨ᠎ᠡ ᠠᠷᠭ᠎ᠠ ᠬᠡᠮᠵᠢᠶ᠎ᠡ ᠶᠢ ᠵᠢᠩᠬᠢᠨᠢ ᠪᠠᠷ ᠬᠡᠷᠡᠭᠵᠢᠭᠦᠯᠦᠭᠡᠳ ᠨᠢᠭᠡ ᠰᠠᠷ᠎ᠠ ᠪᠣᠯᠤᠭ᠎ᠠ ᠥᠬᠡᠶ ᠬᠤᠭᠤᠴᠠᠭᠠᠨ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠵᠠᠯᠭᠠᠭ᠎ᠠ ᠪᠠᠷ ᠬᠥᠳᠡᠯᠮᠦᠷᠢᠴᠢᠨ ᠪᠠ ᠠᠵᠤ ᠠᠬᠤᠶᠢᠯᠠᠯ ᠤᠨ ᠬᠦᠷᠭᠡᠭᠰᠡᠨ ᠶᠢᠰᠦᠨ ᠬᠡᠮᠡᠷᠯᠢᠭ ᠲᠤᠭ — ᠬᠡᠮᠡᠷᠯᠢᠭ ᠲᠤᠭ ᠤᠨ ᠠᠷᠤ ᠳᠤ ︽ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ ᠦᠢᠯᠡᠴᠢᠯᠡᠭᠡᠨ ᠤ ᠮᠥᠨ ᠴᠢᠨᠠᠷ ᠢ ᠦᠢᠯᠡᠳᠦᠯᠭᠡᠵᠢᠭᠦᠯᠦᠭᠰᠡᠨ︾ ᠬᠤᠷᠢᠶᠠᠩᠭᠤᠶ ᠳᠦᠷᠰᠦ ᠪᠠᠶᠢᠵᠤ᠂ ᠲᠤᠬᠠᠶ ᠶᠢᠨ ᠬᠥᠮᠦᠨ ᠤ ᠲᠥᠪ ᠭᠤᠤᠯᠴᠢ ᠪᠠᠷ ᠬᠠᠤᠯᠢ ᠪᠠᠷᠢᠬᠤ ᠶᠢ ᠨᠤᠲᠠᠯᠠᠭᠰᠠᠨ ᠪᠠ ᠮᠡᠳᠡᠷᠡᠭᠰᠡᠨ ᠪᠠᠶᠢᠳᠠᠯ ᠢ ᠠᠴᠢᠶᠠᠯᠠᠵᠤ ᠪᠠᠶᠢᠨ᠎ᠠ᠃
     ᠳᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠦᠷᠭᠦᠯᠵᠢᠯᠡᠨ ︽ᠠᠷᠠᠳ ᠤᠨ ᠠᠮᠢᠳᠤᠷᠠᠯ ᠳᠤ ᠦᠢᠯᠡᠴᠢᠯᠡᠵᠦ᠂ ᠪᠦᠬᠦ ᠰᠡᠳᠬᠢᠯ ᠢᠶᠠᠷ ᠢᠶᠠᠨ ᠡᠷᠬᠡ ᠪᠠᠨ ᠬᠠᠮᠠᠭᠠᠯᠠᠬᠤ︾ ᠦᠵᠡᠯ ᠰᠠᠨᠠᠭ᠎ᠠ ᠶᠢ ᠪᠠᠲᠤᠳᠬᠠᠵᠤ᠂ ᠬᠥᠨᠳᠡᠯᠡᠨ ᠠᠴᠠ ᠲᠠᠰᠤᠯᠬᠤ ᠦᠢᠯᠡᠴᠢᠯᠡᠭᠡᠨ ᠤ ᠠᠷᠭ᠎ᠠ ᠵᠠᠮ ᠢ ᠲᠠᠰᠤᠷᠠᠯᠲᠠ ᠦᠭᠡᠶ ᠥᠷᠭᠡᠳᠬᠡᠵᠦ᠂ ᠬᠥᠨᠳᠡᠯᠡᠨ ᠠᠴᠠ ᠲᠠᠰᠤᠯᠬᠤ ᠦᠢᠯᠡᠴᠢᠯᠡᠭᠡᠨ ᠤ ᠶᠠᠪᠤᠴᠠ ᠶᠢ ᠵᠢᠷᠤᠮᠵᠢᠭᠤᠯᠤᠨ᠂ ᠬᠥᠨᠳᠡᠯᠡᠨ ᠠᠴᠠ ᠲᠠᠰᠤᠯᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠦᠢᠯᠡᠴᠢᠯᠡᠭᠡᠨ ᠤ ᠰᠢᠰᠲ᠋ᠧᠮ ᠢ ᠤᠯᠠᠨ ᠲᠠᠯ᠎ᠠ ᠠᠴᠠ ᠰᠢᠯᠢᠳᠡᠭᠵᠢᠭᠦᠯᠵᠦ᠂ ᠤᠯᠠᠨ ᠲᠦᠮᠡᠨ ᠤ ᠪᠠᠴᠢᠮᠳᠠᠬᠤ ᠵᠤᠪᠠᠭ᠋ᠤ ᠬᠦᠴᠢᠷᠳᠡᠬᠦ ᠬᠦᠰᠡᠵᠦ ᠪᠠᠶᠢᠭ᠎ᠠ ᠬᠥᠨᠳᠡᠯᠡᠨ ᠠᠴᠠ ᠲᠠᠰᠤᠯᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠦᠨ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号