ᠢᠦᠶ ᠴᠢᠤᠸᠠᠨ ᠲᠣᠭᠤᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ︵ᠢᠦᠶ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ︶ ᠠᠷᠠᠰᠤᠨ ᠤ ᠭᠠᠳᠠᠷ ᠰᠠᠯᠠᠭᠠᠨ ᠤ ᠲᠤᠰᠬᠠᠶ ᠮᠡᠷᠭᠡᠵᠢᠯᠲᠡᠨ ᠢ ᠤᠷᠢᠵᠤ ᠡᠮᠴᠢᠯᠡᠭᠡᠨ ᠳᠤ ᠣᠷᠣᠯᠴᠠᠭᠤᠯᠵᠤ ᠲᠤᠰᠬᠠᠶ ᠰᠠᠯᠠᠭᠠᠨ ᠤ ᠡᠮᠴᠢᠯᠡᠭᠡ ᠶᠢ ᠪᠠᠶᠠᠯᠢᠭᠵᠢᠭᠤᠯᠤᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/3/29
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ︵ᠢᠦᠶ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ︶ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠠᠷᠠᠰᠤᠨ ᠤ ᠭᠠᠳᠠᠷ ᠰᠠᠯᠠᠭᠠᠨ ᠤ ᠭᠤᠷᠪᠠᠳᠤᠭᠠᠷ ᠳᠡᠰ ᠤᠨ ᠡᠷᠬᠢᠯᠡᠭᠴᠢ ᠡᠮᠴᠢ᠂ ᠫᠷᠤᠹᠧᠰᠰᠤᠷ ᠸᠠᠩ ᠭᠧ ᠵᠢᠶᠦ᠋ᠨ ᠢ ᠲᠤᠰᠬᠠᠶᠢᠯᠠᠨ ᠤᠷᠢᠵᠤ ᠡᠮᠨᠡᠯᠭᠡ ᠳᠤ ᠣᠷᠣᠯᠴᠠᠭᠤᠯᠵᠠᠶ᠃
     ᠣᠶᠢᠯᠠᠭᠠᠭᠰᠠᠨ ᠢᠶᠠᠷ᠂ ᠸᠠᠩ ᠭᠧ ᠵᠢᠶᠦ᠋ᠨ ᠫᠷᠤᠹᠧᠰᠰᠤᠷ ᠡᠯ᠎ᠡ ᠵᠦᠢᠯ ᠤᠨ ᠠᠷᠠᠰᠤᠨ ᠤ ᠬᠤᠤᠷ ᠥᠬᠡᠶ᠂ ᠬᠤᠤᠷᠲᠤ ᠬᠠᠪᠤᠳᠠᠷ ᠤᠨ ᠮᠡᠰᠡ ᠵᠠᠰᠠᠯ᠂ ᠰᠤᠭᠤᠨ ᠤ ᠦᠮᠡᠬᠡᠶ ᠶᠢᠨ ᠮᠡᠰᠡ ᠵᠠᠰᠠᠯ᠂ ᠬᠡᠰᠡᠭ ᠲᠥᠷᠥᠯᠬᠢ ᠶᠢᠨ ᠵᠡᠷᠡᠮᠳᠡᠭ ᠵᠢᠴᠢ ᠤᠳᠤᠮᠰᠢᠯ ᠤᠨ ᠴᠢᠨᠠᠷᠲᠠᠶ ᠡᠪᠡᠳᠴᠢᠨ ᠤ ᠮᠡᠰᠡ ᠵᠠᠰᠠᠯ᠂ ᠠᠷᠠᠰᠤᠨ ᠤ ᠰᠢᠷᠬ᠎ᠠ ᠶᠢ ᠵᠠᠰᠠᠵᠤ ᠡᠳᠡᠭᠡᠷᠡᠭᠦᠯᠬᠦ ᠳᠡᠭᠡᠨ ᠴᠢᠳᠠᠮᠠᠭᠠᠶ ᠪᠠᠶᠢᠳᠠᠭ᠃ ᠣᠳᠣᠬᠠᠨ ᠳᠤ ᠪᠡᠶ᠎ᠡ ᠶᠢᠨ ᠭᠠᠳᠠᠷᠭᠤ ᠶᠢᠨ ᠬᠤᠤᠷ ᠥᠬᠡᠶ ᠬᠠᠪᠤᠳᠠᠷ ᠢ ᠣᠭᠲᠣᠯᠤᠨ ᠠᠪᠬᠤ ᠬᠤᠯᠪᠣᠭᠳᠠᠯ ᠪᠦᠬᠦᠢ ᠮᠡᠷᠭᠡᠵᠢᠯ ᠤᠨ ᠠᠵᠢᠯ ᠢ ᠪᠡᠶᠡᠯᠡᠭᠦᠯᠵᠦ ᠪᠣᠯᠤᠨ᠎ᠠ᠂ ᠵᠢᠱᠢᠶᠡᠯᠡᠪᠡᠯ ᠦᠩᠭᠡᠨ ᠡᠳ᠋ ᠤᠨ ᠮᠡᠩᠭᠡ᠂ ᠠᠷᠠᠰᠤᠨ ᠤ ᠥᠭᠡᠬᠦᠨ ᠪᠤᠯᠴᠢᠷᠬᠠᠶ ᠶᠢᠨ ᠮᠡᠩᠭᠡ᠂ ᠥᠭᠡᠬᠦᠨ ᠬᠠᠪᠤᠳᠠᠷ᠂ ᠦᠡᠭᠭᠡᠨ ᠠᠷᠠᠰᠤᠨ ᠤ ᠤᠭᠤᠲᠠᠲᠤ ᠬᠠᠪᠤᠳᠠᠷ᠂ ᠠᠷᠠᠰᠤᠨ ᠤ ᠰᠢᠷᠬᠡᠭᠲᠦ ᠪᠡᠳᠡᠬᠢ ᠵᠡᠷᠭᠡ︔ ᠠᠷᠠᠰᠤᠨ ᠤ ᠬᠤᠤᠷᠲᠤ ᠬᠠᠪᠤᠳᠠᠷ ᠢ ᠣᠭᠲᠣᠯᠵᠤ ᠠᠪᠬᠤ ᠪᠠ Mohs ᠮᠢᠺᠷᠣᠰᠺᠣᠫ ᠢᠶᠠᠷ ᠲᠡᠮᠳᠡᠭᠯᠡᠬᠦ ᠮᠡᠰᠡ ᠵᠠᠰᠠᠯ᠂ ᠵᠢᠱᠢᠶᠡᠯᠡᠪᠡᠯ ᠰᠠᠭᠤᠷᠢ ᠡᠰ ᠤᠨ ᠥᠮᠡᠨ᠂ ᠬᠠᠶᠢᠷᠰᠤᠯᠢᠭ ᠡᠰ ᠤᠨ ᠥᠮᠡᠨ᠂ ᠪᠦᠦ ᠸᠧᠨ ᠡᠪᠡᠳᠴᠢᠨ᠂ ᠬᠥᠬᠦᠨ ᠤ ᠭᠠᠳᠠᠨᠠᠬᠢ Paget ᠡᠪᠡᠳᠴᠢᠨ ᠵᠡᠷᠭᠡ︔ ᠬᠡᠰᠡᠭ ᠲᠥᠷᠥᠯᠬᠢ ᠶᠢᠨ ᠵᠡᠷᠡᠮᠳᠡᠭ ᠵᠢᠴᠢ ᠤᠳᠤᠮᠰᠢᠯ ᠤᠨ ᠴᠢᠨᠠᠷᠲᠠᠶ ᠡᠪᠡᠳᠴᠢᠨ᠂ ᠵᠢᠱᠢᠶᠡᠯᠡᠪᠡᠯ ᠴᠢᠰᠤᠨ ᠰᠤᠳᠠᠯ ᠤᠨ ᠬᠠᠪᠤᠳᠠᠷ᠂ ᠮᠡᠳᠡᠷᠡᠯ ᠤᠨ ᠰᠢᠷᠬᠡᠭ ᠤᠨ ᠪᠡᠳᠡᠬᠢ ᠡᠪᠡᠳᠴᠢᠨ ︵ᠠᠷᠠᠰᠤᠨ ᠤ ᠢᠯᠡᠷᠡᠯ︶᠂ ᠰᠤᠭᠤᠨ ᠤ ᠦᠮᠡᠬᠡᠶᠢᠷᠡᠯ ᠪᠠ ᠬᠥᠯᠥᠷᠡᠬᠦ ᠡᠪᠡᠳᠴᠢᠨ ᠢ ᠮᠡᠰᠡ ᠵᠠᠰᠠᠯ ᠢᠶᠠᠷ ᠵᠠᠰᠠᠬᠤ ᠵᠡᠷᠭᠡ︔ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ᠂ ᠵᠢᠱᠢᠶᠡᠯᠡᠪᠡᠯ ᠠᠷᠠᠰᠤᠨ ᠤ ᠬᠠᠲᠠᠭᠢ ᠬᠠᠪᠤᠳᠠᠷ᠂ ᠢᠳᠡᠭᠡᠲᠦ ᠬᠠᠪᠤᠳᠠᠷ᠂ ᠰᠢᠷᠬᠠᠯᠠᠭ᠎ᠠ᠂ ᠸᠢᠷᠦ᠋ᠰ ᠤᠨ ᠡᠦ ᠡᠪᠡᠳᠴᠢᠨ᠂ ᠡᠩ ᠤᠨ ᠡᠦ ᠡᠪᠡᠳᠴᠢᠨ᠂ ᠴᠣᠯᠴᠣᠩᠲᠤ ᠪᠣᠳᠠᠰ ᠵᠡᠷᠭᠡ ᠭᠠᠳᠠᠷ ᠡᠮᠨᠡᠯᠭᠡ ᠶᠢᠨ ᠡᠮᠴᠢᠯᠡᠭᠡ︔ ᠠᠷᠠᠰᠤᠨ ᠤ ᠰᠢᠷᠬ᠎ᠠ ᠶᠢ ᠵᠠᠰᠠᠵᠤ ᠡᠳᠡᠭᠡᠷᠡᠭᠦᠯᠬᠦ︔ ᠰᠣᠷᠪᠢ ᠪᠠ ᠰᠣᠷᠪᠢ ᠶᠢᠨ ᠴᠤᠯᠴᠤᠩ ᠢ ᠮᠡᠰᠡ ᠵᠠᠰᠠᠯ ᠢᠶᠠᠷ ᠣᠭᠲᠣᠯᠬᠤ︔ ᠬᠥᠬᠡ ᠭᠠᠳᠠᠷ ᠰᠠᠯᠠᠭᠠᠨ ᠤ ᠮᠡᠰᠡ ᠵᠠᠰᠠᠯ︔ ᠡᠯ᠎ᠡ ᠵᠦᠢᠯ ᠤᠨ ᠰᠢᠲᠠᠭᠰᠠᠨ ᠰᠢᠷᠬ᠎ᠠ᠂ ᠬᠥᠯᠳᠡᠭᠰᠡᠨ ᠰᠢᠷᠬ᠎ᠠ᠂ ᠠᠷᠠᠰᠤ ᠶᠢ ᠰᠢᠯᠵᠢᠭᠦᠯᠦᠨ ᠤᠷᠭᠤᠭᠤᠯᠬᠤ᠂ ᠠᠷᠠᠰᠤᠨ ᠤ ᠢᠯᠲᠠᠰᠤ ᠶᠢ ᠰᠡᠯᠪᠢᠨ ᠵᠠᠰᠠᠬᠤ᠂ ᠡᠯ᠎ᠡ ᠵᠦᠢᠯ ᠤᠨ ᠪᠤᠷᠤᠩᠬᠤᠶ ᠰᠢᠷᠬ᠎ᠠ ᠶᠢ ᠰᠡᠯᠪᠢᠨ ᠵᠠᠰᠠᠬᠤ ᠵᠡᠷᠭᠡ ᠪᠣᠯᠤᠨ᠎ᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ︵ᠢᠦᠶ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ︶ ᠠᠴᠠ ᠤᠯᠠᠮ ᠨᠢᠭᠡ ᠠᠯᠬᠤᠮ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠲᠠᠰᠤᠷᠠᠯᠲᠠ ᠥᠬᠡᠶ ᠬᠤᠷᠠᠮᠳᠤᠭᠤᠯᠵᠤ᠂ ᠲᠤᠰᠬᠠᠶ ᠡᠮᠴᠢᠯᠡᠭᠡᠨ ᠤ ᠲᠥᠷᠥᠯ ᠵᠦᠢᠯ ᠢ ᠦᠷᠭᠦᠯᠵᠢᠯᠡᠨ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号