ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠬᠠᠶᠢᠷ᠎ᠠ ᠬᠠᠯᠠᠮᠵᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/3/5
ᠲᠤᠭᠤᠷᠢᠭ ᠤᠨ ᠬᠠᠷᠢᠶ᠎ᠠ ᠠᠯᠪᠠᠨ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠪᠠᠭ᠎ᠠ ᠲᠦᠷᠭᠡᠨ ᠭᠤᠤᠯ ᠪᠠᠯᠭᠠᠰᠤᠨ ᠤ ᠭᠤᠤᠯ ᠰᠤᠷᠭᠠᠭᠤᠯᠢ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠪᠥᠬᠦ ᠲᠠᠯ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠭᠴᠢᠳ ᠤᠨ ᠰᠡᠳᠭᠢᠴᠡ ᠶᠢᠨ ᠡᠷᠡᠭᠦᠯ ᠮᠡᠨᠳᠦ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠮᠦᠨᠡᠬᠢ ᠬᠤᠭᠤᠴᠠᠭᠠᠨ ᠤ ᠭᠤᠷᠪᠠᠳᠠᠬᠢ ᠡᠲᠡᠭᠡᠳ ᠤᠨ ᠺᠣᠮᠫᠠᠨᠢ ᠶᠢᠨ ᠰᠡᠳᠬᠢᠴᠡ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠ ᠰᠡᠳᠬᠢᠴᠡ ᠶᠢᠨ ᠬᠢᠮᠤᠷᠠᠯ ᠣᠷᠣᠰᠢᠵᠤ᠂ ᠡᠭᠦᠨ ᠢ ᠠᠩᠬᠠᠷᠤᠯ ᠳᠠᠭᠠᠨ ᠠᠪᠬᠤ ᠴᠢᠬᠤᠯᠠ ᠲᠠᠢ᠃ ᠮᠠᠨ ᠤ ᠲᠤᠭᠤᠷᠢᠭ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠵᠦ᠂ ᠰᠡᠳᠬᠢᠴᠡ ᠶᠢᠨ ᠬᠢᠮᠤᠷᠠᠯ ᠢ ᠪᠦᠲᠦᠮᠵᠢᠲᠡᠶ ᠰᠢᠢᠳᠪᠦᠷᠢᠯᠡᠵᠦ᠂ ᠰᠡᠳᠬᠢᠴᠡ ᠶᠢᠨ ᠠᠰᠠᠭᠤᠳᠠᠯ᠂ ᠡᠴᠢᠭᠡ ᠡᠬᠡ ᠦᠷ᠎ᠡ ᠬᠡᠦᠬᠡᠳ ᠤᠨ ᠵᠥᠷᠢᠴᠡᠯ᠂ ᠰᠤᠷᠤᠯᠭ᠎ᠠ ᠶᠢᠨ ᠳᠠᠷᠤᠭᠠᠰᠤ᠂ ᠬᠠᠨᠢᠲᠠᠨ ᠤ ᠬᠠᠷᠢᠴᠠᠭ᠎ᠠ ᠵᠡᠷᠭᠡ ᠠᠴᠠ ᠪᠣᠯᠤᠭᠰᠠᠨ ᠪᠣᠳᠠᠭᠠᠯᠢ ᠪᠡᠶ᠎ᠡ ᠶᠢᠨ ᠬᠡᠲᠦᠷᠡᠮᠡᠬᠡᠶ ᠬᠡᠷᠡᠭ ᠶᠠᠪᠤᠳᠠᠯ ᠢ ᠰᠡᠷᠭᠡᠶᠢᠯᠡᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠬᠠᠤ ᠶᠢᠨ ᠲᠤᠰᠠᠲᠠ᠂ ︽ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠰᠤᠷᠭᠠᠨ ᠬᠥᠮᠦᠵᠢᠯ ᠪᠡᠶ᠎ᠡ ᠲᠠᠮᠢᠷ ᠤᠷᠠᠯᠢᠭ ᠵᠠᠬᠢᠳᠠᠯ ﹇2024﹈ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠬᠠᠶᠢᠷ᠎ᠠ ᠬᠠᠯᠠᠮᠵᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ ᠳᠣᠤᠷᠠᠬᠢ ᠮᠡᠲᠦ᠄      1. ᠭᠤᠤᠯᠳᠠᠯᠭ᠎ᠠ ᠲᠠᠢ ᠬᠥᠮᠦᠰ ᠤᠨ ᠰᠡᠳᠬᠢᠴᠡ ᠶᠢ ᠲᠠᠶᠢᠳᠬᠤᠷᠠᠭᠤᠯᠤᠨ ᠵᠢᠯᠣᠭᠤᠳᠬᠤ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠬᠦ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠳᠠᠷᠦ᠋ᠢᠬᠠᠨ ᠬᠥᠳᠡᠯᠦᠯᠴᠡᠵᠦ᠂ ᠰᠤᠷᠭᠠᠭᠤᠯᠢ ᠨᠤᠭᠤᠳ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠡᠷ ᠤᠨ ᠠᠬᠠᠮᠠᠳ ᠪᠠ ᠰᠤᠷᠭᠠᠭᠤᠯᠢ ᠶᠢᠨ ᠬᠠᠮᠲᠤᠷᠠᠭᠰᠠᠨ ᠰᠡᠳᠬᠢᠴᠡ ᠶᠢᠨ ᠪᠠᠶᠢᠳᠠᠯ ᠢ ᠨᠢᠭᠡ ᠤᠳᠠᠭ᠎ᠠ ᠤᠶᠢᠯᠠᠭᠠᠨ ᠪᠠᠶᠢᠴᠠᠭᠠᠵᠤ᠂ ᠱᠠᠲᠤ ᠬᠤᠪᠢᠶᠠᠨ ᠲᠥᠷᠥᠯ ᠬᠤᠪᠢᠶᠠᠵᠤ᠂ ᠭᠤᠤᠯᠳᠠᠯᠭ᠎ᠠ ᠲᠠᠢ ᠪᠠᠷ ᠭᠠᠷ ᠲᠦᠷᠦᠭᠦ ᠬᠡᠷᠡᠭᠲᠡᠶ᠃ ᠠᠶᠤᠯ ᠶᠡᠬᠡᠲᠡᠶ ᠬᠠᠨᠳᠤᠰᠢ ᠢᠯᠡᠷᠡᠭᠰᠡᠨ ᠰᠤᠷᠤᠭᠴᠢᠳ ᠲᠤ ᠴᠠᠭ ᠲᠤᠬᠠᠶ ᠳᠤᠨᠢ ︽ᠨᠢᠭᠡ ᠰᠤᠷᠤᠭᠴᠢ ᠨᠢᠭᠡ ᠠᠷᠭ᠎ᠠ ᠪᠣᠳᠣᠯᠭ᠎ᠠ︾ ᠶᠢᠨ ᠬᠠᠮᠢᠶᠠᠷᠬᠤ ᠲᠥᠰᠦᠯ ᠢ ᠲᠣᠭᠲᠠᠭᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ᠂ ᠠᠩᠭᠢ ᠶᠢᠨ ᠡᠷᠬᠢᠯᠡᠭᠴᠢ᠂ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ᠂ ᠰᠠᠯᠠᠭᠠᠨ ᠤ ᠪᠠᠭᠰᠢ ᠵᠡᠷᠭᠡ ᠶᠢ ᠵᠣᠬᠢᠶᠠᠨ ᠪᠠᠶᠢᠭᠤᠯᠵᠤ ᠪᠠᠶᠢᠭᠠᠳ ᠤᠷᠮ᠎ᠠ ᠰᠡᠳᠬᠢᠯᠭᠡ ᠶᠢ ᠲᠠᠶᠢᠳᠬᠤᠷᠠᠭᠤᠯᠬᠤ᠂ ᠰᠡᠳᠬᠢᠴᠡ ᠶᠢ ᠲᠠᠶᠢᠳᠬᠤᠷᠠᠭᠤᠯᠬᠤ ᠠᠵᠢᠯ ᠵᠡᠷᠭᠡ ᠶᠢ ᠬᠠᠮᠲᠤ ᠪᠠᠷ ᠰᠠᠶᠢᠲᠤᠷ ᠬᠢᠵᠦ᠂ ᠴᠢᠬᠤᠯᠠ ᠲᠠᠢ ᠦᠶ᠎ᠡ ᠳᠤ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠨ ᠰᠤᠳᠤᠯᠤᠭᠴᠢ᠂ ᠮᠡᠳᠡᠷᠡᠯ ᠤᠨ ᠰᠠᠯᠠᠭᠠᠨ ᠤ ᠡᠮᠴᠢ ᠵᠡᠷᠭᠡ ᠲᠤᠰᠬᠠᠶ ᠮᠡᠷᠭᠡᠵᠢᠯ ᠤᠨ ᠬᠥᠮᠦᠰ ᠢ ᠤᠷᠢᠵᠤ ᠵᠢᠯᠣᠭᠤᠳᠣᠯᠭ᠎ᠠ ᠬᠢᠯᠭᠡᠬᠦ ᠬᠡᠷᠡᠭᠲᠡᠶ᠃ ᠡᠭᠦᠨ ᠤ ᠬᠠᠮᠲᠤ ᠰᠡᠳᠬᠢᠴᠡ ᠶᠢᠨ ᠲᠠᠩᠰᠠ ᠡᠪᠬᠡᠮᠡᠯ ᠵᠢᠴᠢ ᠮᠥᠷᠳᠡᠨ ᠰᠢᠢᠳᠪᠦᠷᠢᠯᠡᠬᠦ ᠡᠬᠡ ᠲᠠᠩᠰᠠ ᠶᠢ ᠪᠠᠶᠢᠭᠤᠯᠵᠤ᠂ ᠣᠷᠳᠣ ᠬᠤᠭᠤᠴᠠᠭᠠᠨ ᠤ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠂ ᠡᠷᠬᠡᠪᠰᠢ ᠠᠷᠭ᠎ᠠ ᠬᠡᠯᠪᠡᠷᠢ ᠠᠷᠭ᠎ᠠ ᠪᠠᠷᠢᠯ ᠢ ᠠᠩᠬᠠᠷᠴᠤ᠂ ᠰᠣᠷᠣᠭᠴᠢ ᠶᠢᠨ ᠬᠤᠪᠢ ᠶᠢᠨ ᠨᠢᠭᠤᠴᠠ ᠶᠢ ᠬᠠᠮᠠᠭᠠᠯᠠᠨ᠂ ᠰᠣᠷᠣᠭᠴᠢ ᠶᠢᠨ ᠤᠷᠮ᠎ᠠ ᠰᠡᠳᠬᠢᠯᠭᠡ ᠶᠢ ᠬᠠᠷᠠᠭᠠᠯᠵᠠᠵᠤ᠂ ᠰᠤᠷᠭᠠᠭᠤᠯᠢ ᠨᠤᠭᠤᠳ ᠰᠤᠷᠭᠠᠭᠤᠯᠢ ᠶᠢᠨ ᠳᠣᠲᠣᠷᠠᠬᠢ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠢ ᠰᠠᠶᠢᠲᠤᠷ ᠬᠡᠷᠡᠭᠯᠡᠨ᠂ ︽12355︾ ᠵᠡᠷᠭᠡ ᠰᠡᠳᠬᠢᠴᠡ ᠶᠢᠨ ᠬᠠᠯᠠᠭᠤᠨ ᠤᠲᠠᠰᠤᠨ ᠤ ᠤᠬᠠᠭᠤᠯᠭ᠎ᠠ ᠶᠢ ᠴᠢᠩᠭᠠᠳᠬᠠᠵᠤ᠂ ᠬᠥᠮᠦᠨ ᠪᠦᠬᠦᠨ ᠳᠤ ᠣᠶᠢᠯᠠᠭᠠᠭᠤᠯᠵᠤ᠂ ᠰᠡᠳᠬᠢᠴᠡ ᠶᠢᠨ ᠲᠤᠰᠠᠯᠠᠮᠵᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠬᠡᠷᠡᠭᠲᠡᠶ᠃      2. ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠪᠠᠶᠢᠩᠭᠤᠵᠢᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠤᠷᠭᠠᠭᠤᠯᠢ ᠨᠤᠭᠤᠳ ︽ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︿ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ﹀ ᠤᠨ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯᠯᠠᠭ᠎ᠠ ᠥᠷᠨᠢᠭᠦᠯᠬᠦ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ᠢ ᠴᠢᠩᠭ᠎ᠠ ᠵᠢᠷᠤᠮᠯᠠᠨ᠂ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯᠯᠡᠬᠦ ᠴᠠᠭ ᠢ ᠴᠢᠩᠭ᠎ᠠ ᠨᠠᠶᠢᠳᠠᠪᠤᠷᠢᠵᠢᠭᠤᠯᠵᠤ᠂ ᠠᠳᠠᠯᠢ ᠪᠤᠰᠤ ᠰᠤᠷᠤᠯᠭ᠎ᠠ ᠶᠢᠨ ᠬᠤᠭᠤᠴᠠᠭᠠᠨ ᠤ ᠰᠤᠷᠤᠭᠴᠢᠳ ᠤᠨ ᠪᠡᠶ᠎ᠡ ᠰᠡᠳᠬᠢᠯ ᠤᠨ ᠬᠥᠭᠵᠢᠯᠲᠡ ᠵᠢᠴᠢ ᠲᠠᠨᠢᠨ ᠮᠡᠳᠡᠬᠦᠶ ᠶᠢᠨ ᠣᠨᠴᠠᠯᠢᠭ ᠲᠤ ᠴᠢᠭᠯᠡᠭᠦᠯᠦᠨ᠂ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ᠂ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ᠂ ᠪᠦᠯᠬᠦᠮ ᠨᠡᠶᠢᠲᠡ ᠶᠢᠨ ᠬᠠᠪᠰᠤᠷᠤᠨ ᠵᠢᠯᠣᠭᠤᠳᠬᠤ ᠠᠵᠢᠯᠯᠠᠭ᠎ᠠ᠂ ᠬᠡᠪ ᠴᠢᠨᠠᠷ ᠢ ᠥᠷᠭᠡᠳᠬᠡᠬᠦ᠂ ᠰᠡᠳᠬᠢᠴᠡ ᠶᠢᠨ ᠦᠵᠡᠭᠳᠡᠯᠲᠦ ᠵᠦᠴᠦᠭᠡ ᠶᠢᠨ ᠤᠷᠤᠯᠳᠤᠭᠠᠨ ᠵᠡᠷᠭᠡ ᠰᠤᠷᠤᠭᠴᠢᠳ ᠤᠨ ᠦᠵᠡᠵᠦ ᠰᠣᠨᠣᠰᠬᠤ ᠳᠤᠷᠠᠲᠠᠶ᠂ ᠠᠮᠠᠷᠬᠠᠨ ᠬᠦᠯᠢᠶᠡᠵᠦ ᠠᠪᠬᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠦᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠠᠮᠢ ᠨᠠᠰᠤ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ᠂ ᠰᠤᠷᠤᠭᠴᠢᠳ ᠤᠨ ᠰᠡᠳᠬᠢᠴᠡ ᠶᠢᠨ ᠬᠡᠪ ᠴᠢᠨᠠᠷ ᠢ ᠦᠨᠡᠨᠬᠦ ᠳᠡᠭᠡᠭᠰᠢᠯᠡᠭᠦᠯᠦᠨ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠢ ᠨᠠᠰᠤᠨ ᠤ ᠠᠴᠢ ᠬᠤᠯᠪᠣᠭᠳᠠᠯ ᠢ ᠣᠶᠢᠯᠠᠭᠠᠭᠤᠯᠵᠤ᠂ ᠠᠮᠢ ᠨᠠᠰᠤᠨ ᠤ ᠦᠨ᠎ᠡ ᠥᠷᠲᠡᠭ ᠢ ᠣᠶᠢᠯᠠᠭᠠᠭᠤᠯᠵᠤ᠂ ᠢᠳᠡᠪᠬᠢᠲᠡᠶ ᠰᠡᠳᠬᠢᠴᠡ ᠶᠢᠨ ᠪᠠᠶᠢᠳᠠᠯ ᠢ ᠬᠥᠮᠦᠵᠢᠭᠦᠯᠦᠨ᠂ ᠠᠮᠢ ᠨᠠᠰᠤᠨ ᠤ ᠲᠤᠬᠠᠶ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠰᠡᠷᠭᠦᠭᠡᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠬᠥᠮᠦᠨ ᠢ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃      3. ᠲᠠᠪᠤᠨ ᠬᠥᠮᠦᠵᠢᠯ ᠢ ᠵᠡᠷᠭᠡ ᠪᠠᠷ ᠡᠷᠬᠢᠮᠯᠡᠵᠦ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠬᠡᠷᠡᠭᠲᠡᠶ᠃ ᠡᠯ᠎ᠡ ᠰᠤᠷᠭᠠᠭᠤᠯᠢ ᠶᠢᠨ ᠬᠢᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠠᠶᠢᠲᠤᠷ ᠥᠷᠨᠢᠭᠦᠯᠵᠦ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃ ︽ᠪᠠᠶᠢᠳᠠᠯ ᠢ ᠣᠶᠢᠯᠠᠭᠠᠬᠤ︾ ︽ᠰᠡᠳᠬᠢᠯ ᠢᠶᠠᠨ ᠬᠤᠷᠢᠶᠠᠬᠤ︾ ᠵᠡᠷᠭᠡ ᠨᠡᠷ᠎ᠡ ᠪᠠᠷ ᠰᠤᠷᠭᠠᠭᠤᠯᠢ ᠡᠬᠢᠯᠡᠬᠦ ᠬᠤᠭᠤᠴᠠᠭᠠᠨ ᠳᠤ ᠰᠢᠯᠭᠠᠯᠲᠠ᠂ ᠨᠡᠷᠡᠰ ᠤᠨ ᠵᠢᠭᠰᠠᠭᠠᠯᠲᠠ ᠶᠢ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠢᠶᠠᠷ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ᠂ ᠪᠡᠶ᠎ᠡ ᠶᠢᠨ ᠲᠠᠮᠢᠷ ᠤᠨ ᠬᠢᠴᠢᠶᠡᠯ ᠪᠠ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠪᠦᠷᠢᠨ ᠭᠦᠢᠴᠡᠳ ᠪᠥᠭᠡᠳ ᠰᠠᠶᠢᠨ ᠨᠡᠭᠡᠭᠡᠬᠦ ᠬᠠᠲᠠᠭᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠭᠡᠮᠡᠯ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠡᠯᠪᠡᠭ ᠪᠠᠶᠠᠯᠢᠭ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠰᠤᠷᠤᠯᠭ᠎ᠠ ᠶᠢᠨ ᠱᠠᠲᠤᠨ ᠤ ᠣᠨᠴᠠᠯᠢᠭ ᠲᠠᠢ ᠤᠶᠠᠯᠳᠤᠭᠤᠯᠤᠨ ᠬᠥᠳᠡᠯᠮᠦᠷᠢ ᠶᠢᠨ ᠬᠥᠮᠦᠵᠢᠯ ᠢ ᠰᠢᠰᠲ᠋ᠧᠮ ᠲᠠᠢ ᠴᠢᠩᠭᠠᠳᠬᠠᠵᠤ᠂ ᠰᠤᠷᠤᠭᠴᠢᠳ ᠤᠨ ᠠᠮᠢ ᠨᠠᠰᠤ ᠪᠠᠨ ᠨᠠᠨᠳᠢᠩᠨᠠᠬᠤ᠂ ᠠᠮᠢᠳᠤᠷᠠᠯ ᠢᠶᠠᠨ ᠬᠠᠶᠢᠷᠠᠯᠠᠬᠤ ᠰᠡᠳᠬᠢᠴᠡ ᠶᠢᠨ ᠬᠡᠪ ᠴᠢᠨᠠᠷ ᠢ ᠦᠨᠡᠨᠬᠦ ᠬᠥᠮᠦᠵᠢᠭᠦᠯᠦᠨ᠎ᠡ᠃      4. ᠪᠥᠬᠦ ᠠᠵᠢᠯᠲᠠᠨ ᠤ ᠰᠡᠳᠬᠢᠯ ᠰᠠᠨᠠᠭ᠎ᠠ ᠶᠢ ᠬᠥᠮᠦᠵᠢᠭᠦᠯᠬᠦ ᠤᠬᠠᠮᠰᠠᠷ ᠢ ᠴᠢᠩᠭᠠᠳᠬᠠᠬᠤ ᠬᠡᠷᠡᠭᠲᠡᠶ᠃ ᠰᠤᠷᠭᠠᠭᠤᠯᠢ ᠡᠬᠢᠯᠡᠭᠰᠡᠨ ᠤ ᠬᠤᠶᠠᠷ ᠭᠠᠷᠠᠭ ᠤᠨ ᠳᠣᠲᠣᠷ᠎ᠠ᠂ ᠰᠤᠷᠭᠠᠭᠤᠯᠢ ᠠᠴᠠ ᠪᠥᠬᠦ ᠪᠠᠭᠰᠢ ᠳᠤ ᠬᠠᠨᠳᠤᠭᠤᠯᠤᠨ ᠪᠠᠭᠰᠢ ᠶᠢᠨ ᠰᠡᠳᠬᠢᠴᠡ ᠶᠢᠨ ᠬᠠᠶᠢᠷ᠎ᠠ ᠬᠠᠯᠠᠮᠵᠢ ᠶᠢᠨ ᠦᠢᠯᠡᠴᠢᠯᠡᠭᠡ ᠪᠠ ᠰᠤᠷᠤᠯᠴᠠᠯᠭ᠎ᠠ ᠪᠣᠯᠪᠠᠰᠤᠷᠠᠭᠤᠯᠤᠯ ᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠥᠷᠨᠢᠭᠦᠯᠵᠦ᠂ ᠰᠤᠷᠭᠠᠨ ᠬᠥᠮᠦᠵᠢᠯ ᠤᠨ ᠲᠢᠩᠬᠢᠮ ᠤᠨ ᠦᠢᠯᠡᠳᠦᠨ ᠲᠠᠷᠬᠠᠭᠠᠭᠰᠠᠨ ︽ᠰᠡᠳᠬᠢᠯ ᠢ ᠮᠡᠳᠡᠭᠴᠢ ᠠᠩᠭᠢ ᠶᠢᠨ ᠡᠷᠬᠢᠯᠡᠭᠴᠢ ᠶᠢᠨ ᠭᠠᠷ ᠳᠡᠪᠲᠡᠷ︾ ᠢ ᠰᠠᠶᠢᠲᠤᠷ ᠬᠡᠷᠡᠭᠯᠡᠨ᠂ ᠪᠠᠭᠰᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ ᠶᠢᠨ ᠰᠡᠳᠬᠢᠴᠡ ᠶᠢᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ᠂ ᠲᠤᠷᠰᠢᠯᠭ᠎ᠠ ᠲᠠᠢ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠪᠤᠶᠤ ᠬᠠᠮᠢᠶ᠎ᠠ ᠪᠥᠬᠦᠶ ᠠᠵᠢᠯᠲᠠᠨ ᠢ ᠤᠷᠢᠵᠤ ᠠᠩᠭᠢ ᠶᠢᠨ ᠡᠷᠬᠢᠯᠡᠭᠴᠢ ᠶᠢᠨ ᠲᠣᠭᠲᠠᠮᠠᠯ ᠬᠤᠷᠠᠯ᠂ ᠣᠨ ᠤ ᠳᠤᠭᠤᠶᠢᠯᠠᠩ ᠤᠨ ᠬᠤᠷᠠᠯ᠂ ᠪᠠᠭᠰᠢ ᠶᠢᠨ ᠪᠣᠯᠪᠠᠰᠤᠷᠠᠯ ᠤᠨ ᠬᠤᠷᠠᠯ ᠪᠤᠶᠤ ᠪᠠᠭᠰᠢ ᠠᠵᠢᠯᠲᠠᠨ ᠤ ᠶᠡᠭᠡ ᠬᠤᠷᠠᠯ ᠵᠡᠷᠭᠡ ᠲᠠᠯᠠᠪᠤᠷ ᠲᠤ ᠰᠤᠷᠭᠠᠭᠤᠯᠢ ᠶᠢᠨ ᠪᠠᠭᠰᠢ ᠠᠵᠢᠯᠲᠠᠨ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠣᠯᠪᠠᠰᠤᠷᠠᠯ ᠢ ᠦᠷᠨᠢᠭᠦᠯᠵᠦ᠂ ᠰᠣᠷᠣᠭᠴᠢ ᠶᠢᠨ ᠬᠤᠪᠢ ᠶᠢᠨ ᠨᠢᠭᠤᠴᠠ ᠶᠢ ᠭᠦᠢᠴᠡᠳ ᠪᠠᠲᠤᠯᠠᠭᠰᠠᠨ ᠪᠠᠶᠢᠳᠠᠯ ᠳᠣᠤᠷ᠎ᠠ᠂ ᠨᠡᠶᠢᠲᠡᠯᠢᠭ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠵᠦ᠂ ᠰᠣᠷᠣᠭᠴᠢ ᠶᠢᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣ ᠵᠡᠷᠭᠡ ᠬᠠᠮᠢᠶ᠎ᠠ ᠪᠥᠬᠦᠶ ᠮᠡᠳᠡᠯᠭᠡ ᠶᠢ ᠬᠠᠩᠭᠠᠵᠤ᠂ ᠵᠣᠬᠢᠬᠤ ᠰᠤᠷᠭᠠᠨ ᠬᠥᠮᠦᠵᠢᠯ ᠤᠨ ᠰᠠᠨᠠᠭᠤᠯᠭ᠎ᠠ ᠬᠠᠩᠭᠠᠵᠤ᠂ ᠪᠥᠬᠦ ᠠᠵᠢᠯᠲᠠᠨ ᠤ ᠰᠡᠳᠭᠢᠴᠡ ᠶᠢᠨ ᠬᠦᠮᠦᠵᠢᠯ ᠤᠨ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠳᠠᠷᠤᠯᠲᠠ ᠶᠢ ᠵᠠᠯᠠᠵᠤ ᠵᠢᠯᠣᠭᠤᠳᠬᠤ ᠲᠣᠭᠲᠠᠴᠠ ᠶᠢ ᠪᠦᠷᠢᠨᠰᠢᠬᠦᠯᠵᠦ᠂ ᠪᠠᠭᠰᠢ ᠶᠢᠨ ᠠᠵᠢᠯ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠭᠤᠵᠢᠭᠤ ᠲᠠᠯᠪᠢᠭᠤ᠂ ᠬᠠᠷᠢᠯᠴᠠᠨ ᠬᠠᠯᠠᠮᠵᠢᠯᠠᠨ ᠬᠠᠶᠢᠷᠠᠯᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      5. ᠬᠡᠷ ᠪᠦᠯᠢ ᠰᠤᠷᠭᠠᠭᠤᠯᠢ ᠬᠠᠮᠲᠤᠪᠠᠷ ᠬᠥᠮᠦᠵᠢᠭᠦᠯᠬᠦ ᠬᠠᠮᠲᠤᠷᠠᠯ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠡᠯ᠎ᠡ ᠰᠤᠷᠭᠠᠭᠤᠯᠢ ᠨᠤᠭᠤᠳ ᠣᠶᠢᠷ᠎ᠠ ᠶᠢᠨ ᠬᠤᠭᠤᠴᠠᠭᠠᠨ ᠳᠤ ᠬᠡᠷ ᠪᠦᠯᠢ ᠪᠠ ᠰᠤᠷᠭᠠᠭᠤᠯᠢ ᠲᠠᠢ ᠨᠡᠪᠲᠡᠷᠡᠯᠴᠡᠬᠦ ᠠᠵᠢᠯᠯᠠᠭ᠎ᠠ ᠶᠢ ᠪᠠᠭ᠎ᠠ ᠲᠠᠭᠠᠨ ᠨᠢᠭᠡ ᠲᠠᠯᠠᠪᠤᠷ ᠥᠷᠨᠢᠭᠦᠯᠬᠦ ᠬᠡᠷᠡᠭᠲᠡᠶ᠃ ᠠᠩᠭᠢ ᠶᠢᠨ ᠡᠷᠬᠢᠯᠡᠭᠴᠢ᠂ ᠬᠢᠴᠢᠶᠡᠯ ᠤᠨ ᠪᠠᠭᠰᠢ ᠨᠠᠷ ᠢ ᠵᠣᠬᠢᠶᠠᠨ ᠪᠠᠶᠢᠭᠤᠯᠵᠤ ᠰᠤᠷᠤᠭᠴᠢᠳ ᠲᠤ ᠬᠠᠨᠳᠤᠭᠤᠯᠤᠨ ᠨᠢᠭᠡ ᠤᠳᠠᠭᠠᠨ ᠤ ᠭᠡᠷ ᠪᠦᠯᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠬᠦ ᠶᠢ ᠭᠤᠣᠯᠳᠠᠯᠭ᠎ᠠ ᠲᠠᠢ ᠠᠩᠬᠠᠷᠴᠤ᠂ ᠬᠡᠷ ᠤᠨ ᠠᠬᠠᠮᠠᠳ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ ᠰᠣᠷᠣᠭᠴᠢ ᠶᠢᠨ ᠬᠡᠷ ᠪᠦᠯᠢ ᠶᠢᠨ ᠠᠮᠢᠳᠤᠷᠠᠯ᠂ ᠡᠴᠢᠭᠡ ᠡᠬᠡ ᠦᠷ᠎ᠡ ᠬᠡᠤᠬᠡᠳ ᠤᠨ ᠬᠠᠷᠢᠴᠠᠭ᠎ᠠ᠂ ᠪᠡᠶ᠎ᠡ ᠰᠡᠳᠬᠢᠯ ᠤᠨ ᠡᠷᠡᠭᠦᠯ ᠮᠡᠨᠳᠦ ᠵᠡᠷᠭᠡ ᠪᠠᠶᠢᠳᠠᠯ ᠢ ᠦᠨᠡᠨ ᠬᠦ ᠣᠶᠢᠯᠠᠭᠠᠵᠤ᠂ ᠰᠣᠷᠣᠭᠴᠢ ᠶᠢᠨ ᠦᠵᠡᠯ ᠰᠠᠨᠠᠭᠠᠨ ᠤ ᠰᠤᠳᠠᠰᠤ ᠶᠢ ᠡᠵᠡᠮᠳᠡᠨ᠂ ᠡᠯ᠎ᠡ ᠵᠦᠢᠯ ᠤᠨ ᠣᠨᠴᠠᠭᠠᠶ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠤᠷᠢᠶᠠᠩᠭᠤᠶᠢᠯᠠᠵᠤ᠂ ᠠᠮᠤᠷ ᠲᠦᠪᠰᠢᠨ ᠪᠦᠲᠦᠮᠵᠢᠲᠡᠶ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ᠂ ᠰᠤᠷᠭᠠᠭᠤᠯᠢ ᠶᠢᠨ ᠭᠠᠳᠠᠨᠠᠬᠢ ᠰᠡᠳᠬᠢᠴᠡ ᠶᠢᠨ ᠲᠤᠰᠬᠠᠶ ᠮᠡᠷᠭᠡᠵᠢᠯᠲᠡᠨ ᠵᠡᠷᠭᠡ ᠲᠠᠢ ᠬᠠᠮᠵᠢᠯᠴᠠᠨ ᠳᠠᠭᠠᠵᠤ  ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠡᠷ ᠤᠨ ᠠᠬᠠᠮᠠᠳ ᠤᠨ ᠬᠤᠷᠠᠯ᠂ ᠬᠡᠷ ᠤᠨ ᠠᠬᠠᠮᠠᠳ ᠤᠨ ᠰᠤᠷᠭᠠᠭᠤᠯᠢ ᠵᠡᠷᠭᠡ ᠪᠠᠷ ᠳᠠᠮᠵᠢᠭᠤᠯᠤᠨ ᠬᠡᠷ ᠤᠨ ᠠᠬᠠᠮᠠᠳ ᠲᠤ ᠬᠡᠷ ᠪᠦᠯᠢ ᠶᠢᠨ ᠬᠥᠮᠦᠵᠢᠯ ᠤᠨ ᠵᠢᠯᠣᠭᠤᠳᠣᠯᠭ᠎ᠠ ᠬᠢᠵᠦ᠂ ᠬᠡᠷ ᠤᠨ ᠠᠬᠠᠮᠠᠳ ᠤᠨ ᠬᠡᠤᠬᠡᠳ ᠤᠨ ᠰᠡᠳᠬᠢᠴᠡ ᠶᠢᠨ ᠬᠤᠪᠢᠷᠠᠯᠲᠠ ᠶᠢ ᠬᠤᠷᠴᠠ ᠰᠡᠷᠭᠡᠭ ᠢᠶᠠᠷ ᠰᠡᠷᠡᠵᠦ ᠮᠡᠳᠡᠬᠦ ᠶᠢ ᠬᠥᠲᠥᠯᠦᠨ ᠵᠢᠯᠣᠭᠤᠳᠴᠤ᠂ ᠰᠣᠷᠣᠭᠴᠢ ᠶᠢᠨ ᠨᠠᠵᠠᠭᠠᠶ ᠲᠠᠯ᠎ᠠ ᠶᠢᠨ ᠤᠷᠮ᠎ᠠ ᠰᠡᠳᠬᠢᠯᠭᠡ ᠶᠢ ᠪᠦᠲᠦᠮᠵᠢᠲᠡᠶ ᠪᠠᠷ ᠬᠥᠲᠥᠯᠥᠨ ᠵᠢᠯᠣᠭᠤᠳᠴᠤ᠂ ᠡᠴᠢᠭᠡ ᠡᠬᠡ ᠦᠷ᠎ᠡ ᠬᠡᠤᠬᠡᠳ ᠤᠨ ᠵᠥᠷᠢᠴᠡᠯ ᠢ ᠵᠥᠪ ᠢᠶᠠᠷ ᠰᠢᠢᠳᠪᠦᠷᠢᠯᠡᠨ᠂ ᠬᠡᠷ ᠤᠨ ᠠᠬᠠᠮᠠᠳ ᠢ ᠬᠠᠪᠰᠤᠷᠤᠨ ᠰᠤᠷᠭᠠᠨ ᠬᠥᠮᠦᠵᠢᠭᠦᠯᠬᠦ ᠣᠶᠢᠯᠠᠭᠠᠭᠳᠠᠬᠤᠨ ᠢ ᠨᠢ ᠰᠢᠨᠡᠳᠬᠡᠵᠦ᠂ ᠥᠰᠬᠡᠨ ᠬᠥᠮᠦᠵᠢᠭᠦᠯᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃      ᠡᠯ᠎ᠡ ᠰᠤᠷᠭᠠᠭᠤᠯᠢ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠬᠠᠮᠲᠤ 3 ᠳ᠋ᠤᠭᠠᠷ ᠰᠠᠷ᠎ᠠ ᠶᠢᠨ 6 ᠤ ᠡᠳᠦᠷ ᠠᠴᠠ ᠡᠮᠦᠨ᠎ᠡ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠰᠤᠷᠭᠠᠭᠤᠯᠢ ᠶᠢᠨ ᠭᠤᠤᠯ ᠤᠳᠤᠷᠢᠳᠤᠯᠭ᠎ᠠ ᠪᠠᠷ ᠬᠢᠨᠠᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ᠂ ᠠᠵᠢᠯ ᠤᠨ ᠮᠡᠳᠡᠭᠦᠯᠦᠯᠲᠡ ᠶᠢᠨ PDF ᠰᠢᠷᠪᠢᠯᠲᠡ ᠶᠢᠨ ᠬᠡᠪᠯᠡᠯ ᠢ ᠰᠢᠤᠳᠠᠨ ᠤ ᠬᠠᠶᠢᠷᠴᠠᠭ yqjydyb@163.com ᠪᠠᠷ ᠮᠡᠳᠡᠭᠦᠯᠦᠨ ᠬᠦᠷᠭᠡᠨ᠎ᠡ᠃      ᠬᠠᠷᠢᠯᠴᠠᠬᠤ ᠬᠥᠮᠦᠨ᠄ ᠪᠠᠢ ᠰᠢᠤᠸᠠᠢ      ᠬᠠᠷᠢᠯᠴᠠᠬᠤ ᠬᠡᠯᠪᠡᠷᠢ᠄ 5964051              2024 ᠣᠨ ᠤ 3 ᠳ᠋ᠤᠭᠠᠷ ᠰᠠᠷ᠎ᠠ ᠶᠢᠨ 4 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号