ᠢᠦᠶ ᠴᠢᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠢ ᠳᠠᠶᠢᠴᠢᠯᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠣᠯᠪᠠᠰᠤᠷᠠᠯ ᠰᠤᠷᠤᠯᠴᠠᠯᠭ᠎ᠠ ᠳᠤ ᠤᠷᠤᠯᠴᠠᠭᠤᠯᠪᠠ
ᠨᠡᠶᠢᠲᠡᠯᠡᠭᠰᠡᠨ ᠴᠠᠭ᠄
2024/3/5
     2024 ᠣᠨ ᠤ ᠠᠵᠢᠯ ᠢᠶᠠᠨ ᠰᠡᠷᠭᠦᠭᠡᠬᠦ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠠᠵᠤ ᠠᠬᠤᠶᠢᠯᠠᠯ ᠢ ᠬᠠᠪᠰᠤᠷᠤᠨ ᠪᠠᠶᠠᠷ ᠤᠨ ᠡᠳᠦᠷ ᠤᠨ ᠳᠠᠷᠠᠭ᠎ᠠ ᠠᠵᠢᠯ ᠢᠶᠠᠨ ᠰᠡᠷᠭᠦᠭᠡᠬᠦ ᠳᠤ ᠰᠤᠯᠠᠷᠠᠭᠰᠠᠨ ᠠᠴᠠ ᠠᠮᠠᠷᠬᠠᠨ ᠡᠭᠦᠰᠬᠦ ᠠᠶᠤᠯᠭᠦᠢ ᠦᠢᠯᠡᠳᠪᠦᠷᠢᠯᠡᠯ ᠤᠨ ᠠᠳᠡᠯ ᠢ ᠬᠤᠷᠢᠭᠯᠠᠵᠤ᠂ ᠡᠭᠦᠨ ᠤ ᠤᠯᠠᠮ ᠠᠴᠠ ᠠᠮᠤᠷ ᠲᠦᠪᠰᠢᠨ ᠲᠣᠭᠲᠠᠭᠤᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠠᠴᠠ ᠬᠠᠷᠢᠶ᠎ᠠ ᠣᠷᠣᠨ ᠤ ᠡᠯ᠎ᠡ ᠠᠵᠤ ᠠᠬᠤᠶᠢᠯᠠᠯ ᠢ ᠣᠨᠴᠠᠭᠠᠶᠢᠯᠠᠨ ᠵᠣᠬᠢᠶᠠᠨ ᠪᠠᠶᠢᠭᠤᠯᠤᠨ ᠲᠠᠶᠢᠴᠢᠯᠠᠵᠦ ᠪᠠᠶᠢᠭᠠᠳ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠭᠤᠯᠵᠠᠢ᠃
     ᠲᠣᠰ ᠤᠳᠠᠭᠠᠨ ᠤ ᠰᠤᠷᠤᠯᠴᠠᠯᠭ᠎ᠠ ᠶᠢ ᠰᠦᠯᠵᠢᠶᠡᠨ ᠳᠡᠭᠡᠷᠡᠬᠢ ᠡᠭᠦᠯᠡᠨ ᠬᠢᠴᠢᠶᠡᠯ ᠤᠨ ᠲᠠᠩᠬᠢᠮ ᠳᠤ ᠬᠢᠴᠢᠶᠡᠯᠯᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠲᠥᠷᠥᠯ ᠤᠨ ᠲᠤᠰᠬᠠᠶ ᠲᠤᠰᠢᠶᠠᠯᠲᠤ ᠯᠧᠺᠲ᠋ᠣᠷ ᠬᠠᠷᠢᠭᠤᠴᠠᠨ ᠬᠢᠴᠢᠶᠡᠯᠯᠡᠪᠡ᠃ ᠪᠣᠯᠪᠠᠰᠤᠷᠠᠭᠤᠯᠤᠯ ᠤᠨ ᠠᠭᠤᠯᠭ᠎ᠠ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠣᠶᠢᠷ᠎ᠠ ᠶᠢᠨ ᠬᠤᠭᠤᠴᠠᠭᠠᠨ ᠤ ᠨᠡᠶᠢᠲᠡᠯᠢᠭ ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠬᠥᠮᠦᠵᠢᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠶᠢᠯᠤᠮᠵᠢ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ︽ᠵᠢᠷᠭᠤᠭᠠᠨ ᠨᠢᠭᠡ︾ ᠶᠢᠨ ᠠᠷᠭ᠎ᠠ ᠬᠡᠮᠵᠢᠶ᠎ᠡ᠂ ᠨᠢᠭᠡᠴᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠭᠤᠤᠯᠳᠠᠯᠭ᠎ᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠡᠷᠭᠡᠶᠢᠯᠡᠯᠲᠡ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠡᠳᠦᠷ ᠲᠤᠲᠤᠮ ᠤᠨ ᠪᠠᠶᠢᠴᠠᠭᠠᠵᠤ ᠬᠠᠮᠠᠭᠠᠯᠠᠬᠤ ᠵᠢᠴᠢ ᠵᠥᠪ ᠬᠡᠷᠡᠭᠯᠡᠬᠦ ᠠᠷᠭ᠎ᠠ ᠵᠡᠷᠭᠡ ᠣᠯᠠᠨ ᠲᠠᠯ᠎ᠠ ᠳᠤ ᠬᠤᠯᠪᠣᠭᠳᠠᠨ᠎ᠠ᠃ ᠯᠧᠺᠲ᠋ᠣᠷ ᠮᠠᠰᠢ ᠣᠯᠠᠨ ᠠᠯᠪᠠᠨ ᠶᠣᠰᠣᠨ ᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠯᠠᠨ ᠳᠤ ᠭᠠᠶ ᠭᠠᠮᠰᠢᠭ ᠤᠨ ᠠᠳᠡᠯ ᠭᠠᠷᠤᠭᠰᠠᠨ ᠰᠢᠯᠲᠠᠭᠠᠨ ᠢ ᠵᠠᠳᠠᠯᠤᠨ ᠰᠢᠨᠵᠢᠯᠡᠵᠦ᠂ ᠣᠯᠠᠨ ᠢᠶᠠᠷ ᠢᠶᠠᠨ ᠭᠠᠶ ᠭᠠᠮᠰᠢᠭ ᠤᠨ ᠠᠳᠡᠯ ᠤᠨ ᠲᠤᠬᠠᠶ ᠨᠠᠩ ᠰᠢᠭᠤᠳ ᠲᠠᠨᠢᠯᠲᠠ ᠲᠠᠢ ᠪᠣᠯᠤᠭᠰᠠᠨ ᠮᠥᠷᠲᠡᠭᠡᠨ ᠪᠠᠰᠠ ᠠᠮᠤᠷ ᠲᠦᠪᠰᠢᠨ ᠤ ᠲᠤᠬᠠᠶ ᠰᠠᠨᠠᠭᠠᠰᠢᠷᠠᠯ ᠤᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ ᠳᠤ ᠰᠡᠷᠡᠮᠵᠢ ᠶᠢᠨ ᠳᠣᠬᠢᠶ᠎ᠠ ᠥᠭᠴᠦ᠂ ᠠᠮᠤᠷ ᠲᠦᠪᠰᠢᠨ ᠤ ᠲᠤᠬᠠᠶ ᠡᠨᠡ ᠬᠦ ᠬᠥᠪᠴᠢ ᠶᠢ ᠴᠢᠩᠭᠠᠯᠠᠭᠰᠠᠨ ᠪᠠᠶᠢᠨ᠎ᠠ᠃      ᠪᠦᠷᠢᠳᠬᠡᠯ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠬᠠᠷᠢᠶ᠎ᠠ ᠣᠷᠣᠨ ᠤ ᠡᠯ᠎ᠡ ᠠᠵᠤ ᠠᠬᠤᠶᠢᠯᠠᠯ ᠤᠨ ᠠᠵᠢᠯᠲᠠᠳ ᠡᠭᠦᠯᠡᠨ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠵᠤ᠂ ᠨᠡᠶᠢᠲᠡ 2987 ᠬᠥᠮᠦᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢ ᠦᠵᠡᠵᠦ᠂ ᠲᠣᠰ ᠤᠳᠠᠭᠠᠨ ᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃            ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号