ᠰᠢᠩ ᠯᠦᠩ ᠭᠤᠳᠤᠮᠵᠢ ᠶᠢᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠲᠣᠣᠷ︾ ᠢ ᠪᠠᠲᠤ ᠴᠤᠭᠴᠠᠯᠠᠪᠠ
ᠨᠡᠶᠢᠲᠡᠯᠡᠭᠰᠡᠨ ᠴᠠᠭ᠄
2024/3/6
     ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠦᠴᠦᠨ ᠢ ᠨᠢᠭᠡᠳᠦᠯᠲᠡᠶ ᠲᠥᠯᠥᠪᠯᠡᠨ ᠠᠰᠢᠭᠯᠠᠵᠤ᠂ ︽ᠨᠢᠭᠡ ᠠᠵᠢᠯ ᠤᠨ ᠬᠡᠯᠬᠢᠶ᠎ᠡ᠂ ᠦᠢᠯᠡᠴᠢᠯᠡᠭᠡ ᠲᠠᠰᠤᠷᠠᠭ᠎ᠠ ᠦᠭᠡᠢ ᠪᠠᠶᠢᠬᠤ︾ ᠠᠵᠢᠯ ᠤᠨ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠪᠤᠢ ᠪᠣᠯᠭᠠᠵᠤ᠂ ᠪᠦᠬᠦ ᠤᠯᠤᠰ ᠤᠨ ᠠᠩᠬᠠᠳᠠᠭᠴᠢ ︽ᠨᠡᠶᠢᠭᠡᠮ ᠲᠣᠭᠤᠷᠢᠭ ᠤᠨ ᠬᠠᠤᠯᠢ ᠶᠢᠨ ᠶᠠᠪᠤᠳᠠᠯ ᠤᠨ ᠲᠠᠰᠤᠭ︾ ᠢ ᠪᠠᠶᠢᠭᠤᠯᠵᠤ᠂ ᠡᠭᠦᠨ ᠢ ᠪᠠᠰᠠ ︽ᠶᠣᠰᠣ ᠬᠡᠯᠡᠬᠦ ᠲᠠᠩᠬᠢᠮ︾ ᠭᠡᠳᠡᠭ᠂ ᠡᠭᠦᠨ ᠳᠤ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠠᠯᠪᠠᠨ ᠭᠡᠷ᠂ ᠲᠣᠮᠢᠯᠠᠭᠰᠠᠨ ᠰᠠᠯᠪᠤᠷᠢ᠂ ᠬᠠᠤᠯᠢ ᠪᠠᠷᠢᠬᠤ ᠭᠠᠵᠠᠷ᠂ ᠬᠠᠤᠯᠢᠴᠢ ᠵᠡᠷᠭᠡ ᠡᠬᠢ ᠪᠠᠶᠠᠯᠢᠭ ᠢ ᠴᠤᠭᠯᠠᠭᠤᠯᠵᠤ᠂ ᠶᠣᠰᠣ ᠶᠠᠷᠢᠬᠤ᠂ ᠨᠡᠪᠲᠡᠷᠡᠯᠴᠡᠬᠦ ᠪᠠ ᠡᠶᠡᠳᠡᠭᠦᠯᠬᠦ ᠪᠠᠷ ᠳᠠᠮᠵᠢᠭᠤᠯᠤᠨ ᠵᠠᠷᠭᠤ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠬᠡᠷᠡᠭ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠵᠡᠷᠭᠡ ᠶᠢ ᠴᠠᠭ ᠲᠤᠬᠠᠶ ᠳᠤᠨᠢ ᠠᠷᠢᠯᠭᠠᠵᠤ᠂ ︽ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾ ᠠᠵᠢᠯ ᠤᠨ ᠵᠠᠭᠪᠤᠷ ᠢ ᠡᠮᠬᠢᠯᠡᠨ ᠪᠦᠷᠢᠯᠳᠦᠭᠦᠯᠪᠡ᠃ ᠬᠠᠷᠢᠶᠠᠲᠤ ᠣᠷᠣᠨ᠂ ᠡᠷᠬᠢᠨ ᠲᠣᠭᠤᠷᠢᠨ ᠵᠢᠴᠢ ᠭᠠᠳᠠᠷ ᠮᠤᠵᠢ ᠬᠤᠳᠠ ᠶᠢᠨ ᠲᠤᠰᠠᠯᠠᠮᠵᠢ ᠭᠤᠶᠤᠴᠢᠯᠠᠭᠰᠠᠨ ᠤᠯᠠᠨ ᠲᠦᠮᠡᠨ ᠤ ᠠᠰᠠᠭᠤᠳᠠᠯ ᠢ ᠨᠡᠶᠢᠳᠡ 1000 ᠭᠠᠷᠤᠶ ᠰᠢᠢᠳᠪᠦᠷᠢᠯᠡᠵᠡᠢ᠃
     ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠡᠯ᠎ᠡ ᠲᠦᠷᠦᠯ ᠤᠨ ᠨᠡᠶᠢᠭᠡᠮ ᠤᠨ ᠭᠤᠣᠯ ᠴᠣᠭᠴᠠ ᠶᠢ ᠪᠦᠲᠦᠮᠵᠢᠲᠡᠢ ᠪᠠᠷ ᠵᠣᠬᠢᠶᠠᠨ ᠪᠠᠶᠢᠭᠤᠯᠵᠤ ︽ᠬᠠᠮᠵᠢᠯᠴᠠᠨ ᠪᠠᠶᠢᠯᠳᠤᠬᠤ︾ ᠶᠢ ᠴᠢᠬᠤᠯᠠᠴᠢᠯᠠᠪᠠ᠃ ᠦ᠋ ᠾᠧ ᠰᠢᠶᠠᠩ ᠱᠦᠵᠢ ᠶᠢᠨ ᠵᠢᠱᠢᠶ᠎ᠡ ᠲᠠᠶᠢᠴᠢᠯᠠᠯᠳᠠ ᠳᠣᠣᠷ᠎ᠠ᠂ ᠰᠠᠭᠤᠭᠠᠯᠢ ᠠᠷᠠᠳ ᠲᠤ ᠤᠬᠠᠮᠰᠠᠷ ᠠᠴᠠ ᠪᠠᠨ ᠶᠣᠰᠣ ᠰᠤᠷᠲᠠᠬᠤᠨ ᠤ ᠵᠢᠱᠢᠶᠡᠴᠢ ᠶᠢᠨ ᠨᠥᠯᠥᠭᠡ ᠶᠢ ᠬᠦᠷᠲᠡᠭᠡᠪᠡ᠃ ᠨᠡᠶᠢᠭᠡᠮ ᠲᠣᠭᠤᠷᠢᠭ ᠲᠤ ᠲᠤᠯᠤᠭᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠭᠰᠠᠨ ᠪᠥᠭᠡᠳ ᠤᠯᠠᠭᠠᠨ ᠤᠯᠠᠪᠤᠷ ᠰᠢᠷ᠎ᠠ ᠨᠣᠭᠤᠭᠠᠨ ᠬᠦᠬᠡ ᠬᠦᠬᠡᠮᠳᠦᠭ ᠪᠤᠷᠤ ᠲᠤᠯᠤᠭᠠᠨ ᠦᠩᠭᠡ ᠪᠠᠷ ᠲᠤᠰ ᠲᠤᠰ ᠨᠡᠷᠡᠶᠢᠳᠪᠡ᠃ ᠤᠯᠠᠭᠠᠨ ᠦᠩᠬᠡ ᠪᠣᠯ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠬᠢ᠂ ᠤᠯᠠᠪᠤᠷ ᠦᠩᠬᠡ ᠪᠣᠯ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠠᠩᠬᠢ᠂ ᠰᠢᠷ᠎ᠠ ᠦᠩᠬᠡ ᠪᠣᠯ ᠲᠠᠪᠤᠨ ᠨᠠᠰᠤᠲᠠᠨ ᠤ ᠦᠢᠯᠡᠴᠢᠯᠡᠭᠡᠨ ᠤ ᠠᠩᠬᠢ᠂ ᠨᠣᠭᠤᠭᠠᠨ ᠦᠩᠬᠡ ᠪᠣᠯ ᠤᠳᠬ᠎ᠠ ᠤᠷᠠᠯᠢᠭ ᠤᠨ ᠦᠢᠯᠡᠴᠢᠯᠡᠭᠡᠨ ᠤ ᠠᠩᠬᠢ᠂ ᠬᠦᠬᠡ ᠦᠩᠬᠡ ᠪᠣᠯ ᠵᠠᠯᠠᠭᠤᠴᠤᠳ ᠤᠨ ᠦᠢᠯᠡᠴᠢᠯᠡᠭᠡᠨ ᠤ ᠠᠩᠬᠢ᠂ ᠬᠦᠬᠡᠮᠳᠦᠭ ᠦᠩᠬᠡ ᠪᠣᠯ ᠠᠮᠤᠷ ᠢ ᠬᠠᠮᠠᠭᠠᠯᠠᠬᠤ ᠦᠢᠯᠡᠴᠢᠯᠡᠭᠡᠨ ᠤ ᠠᠩᠬᠢ᠂ ᠪᠣᠷᠣ ᠦᠩᠬᠡ ᠪᠣᠯ ᠡᠮ ᠡᠮᠨᠡᠯᠭᠡ ᠶᠢᠨ ᠦᠢᠯᠡᠴᠢᠯᠡᠭᠡᠨ ᠤ ᠠᠩᠬᠢ ᠪᠣᠯᠤᠨ᠎ᠠ᠃ ᠵᠢᠱᠢᠶᠡᠯᠡᠪᠡᠯ᠄ ︽ᠤᠯᠠᠪᠤᠷ ᠥᠩᠭᠡ ᠶᠢᠨ ᠠᠷᠠᠳ ᠲᠤ ᠲᠥᠬᠦᠮ ᠦᠵᠡᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠪᠣᠯ ᠨᠢᠭᠡᠨ ᠰᠠᠯᠠᠭ᠎ᠠ ᠠᠷᠠᠳ ᠲᠤ ᠲᠥᠬᠦᠮ ᠦᠵᠡᠭᠦᠯᠬᠦ ᠴᠢᠳᠠᠪᠤᠷᠢᠲᠠᠨ ᠤ ᠠᠩᠭᠢ ᠪᠠᠶᠢᠵᠤ᠂ ᠰᠠᠭᠤᠭᠠᠯᠢ ᠠᠷᠠᠳ ᠲᠤ ᠤᠰᠤ ᠴᠠᠬᠢᠯᠭᠠᠨ ᠢ ᠰᠡᠯᠪᠢᠨ ᠵᠠᠰᠠᠬᠤ᠂ ᠬᠤᠭᠤᠯᠠᠶ ᠨᠡᠪᠲᠡᠷᠡᠭᠦᠯᠬᠦ ᠵᠡᠷᠭᠡ ᠲᠤᠰᠬᠠᠶ ᠮᠡᠷᠭᠡᠵᠢᠯ ᠤᠨ ᠴᠢᠨᠠᠷᠲᠠᠶ ᠦᠢᠯᠡᠴᠢᠯᠡᠭᠡ ᠬᠠᠩᠭᠠᠨ᠎ᠠ︔ ︽ᠬᠦᠬᠡᠮᠳᠦᠭ ᠥᠩᠭᠡ ᠶᠢᠨ ᠠᠮᠤᠷ ᠲᠦᠪᠰᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠨᠢ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠮᠡᠳᠡᠯᠭᠡ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠶᠢ ᠵᠢᠭᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠲᠣᠭᠤᠷᠢᠨ ᠰᠡᠷᠭᠡᠶᠢᠯᠡᠬᠦ ᠳᠤ ᠢᠳᠡᠪᠬᠢᠲᠡᠶ ᠬᠠᠮᠵᠢᠯᠴᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠲᠣᠣᠷᠵᠢᠯ ᠢ ᠪᠦᠷᠢᠨᠰᠢᠭᠦᠯᠦᠨ᠎ᠡ᠃
     ᠲᠣᠣᠷᠵᠢᠯ ᠤᠨ ᠳᠠᠪᠬᠤᠷᠭ᠎ᠠ ᠳᠤ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠲᠣᠣᠷᠵᠢᠯ᠂ ᠶᠡᠷᠦᠩᠬᠡᠶᠢᠯᠡᠨ ᠵᠠᠰᠠᠬᠤ ᠲᠣᠣᠷᠵᠢᠯ᠂ ᠦᠢᠯᠡᠴᠢᠯᠡᠭᠡᠨ ᠤ ᠲᠣᠣᠷᠵᠢᠯ᠂ ᠥᠪᠡᠷᠲᠡᠭᠡᠨ ᠵᠠᠰᠠᠬᠤ ᠲᠣᠣᠷᠵᠢᠯ ᠳᠤ ︽ᠲᠦᠷᠪᠡᠨ ᠲᠣᠣᠷᠵᠢᠯ ᠢ ᠠᠭᠤᠰᠤᠯᠴᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠬᠤ︾ ᠶᠢ ᠬᠡᠷᠡᠭᠵᠢᠭᠦᠯᠵᠡᠢ᠃ ᠨᠡᠶᠢᠭᠡᠮ ᠲᠣᠭᠤᠷᠢᠭ ᠢ ᠨᠡᠶᠢᠳᠡ 10 ᠲᠣᠣᠷᠵᠢᠯ ᠪᠤᠯᠭᠠᠨ ᠬᠤᠪᠢᠶᠠᠷᠢᠯᠠᠵᠤ᠂ ᠲᠣᠣᠷᠵᠢᠯ ᠪᠦᠷᠢ ᠳᠤ ᠨᠠᠮ ᠤᠨ ᠪᠠᠶᠢᠭᠤᠯᠤᠯᠲᠠ ᠶᠢᠨ ᠲᠣᠣᠷᠵᠢᠯ ᠤᠨ ᠠᠵᠢᠯᠳᠠᠨ ᠲᠤᠬᠢᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠲᠣᠣᠷᠵᠢᠯ ᠳᠤ ᠪᠠᠭᠤᠯᠭᠠᠪᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠵᠠᠰᠠᠯᠲᠠ ᠶᠢᠨ ᠳᠤᠮᠳᠠ ᠭᠦᠨᠵᠡᠭᠡᠶᠢᠷᠡᠭᠦᠯᠵᠦ᠂ ︽ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ — ᠲᠤᠤᠷᠴᠢᠯᠠᠭᠰᠠᠨ ᠨᠠᠮ ᠤᠨ ᠳᠤᠭᠤᠶᠢᠯᠠᠩ — ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾ ᠶᠢᠨ ᠪᠠᠭ᠎ᠠ ᠭᠤᠷᠪᠠᠨ ᠳᠡᠰ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠦᠷᠲᠡᠯ᠎ᠡ ᠥᠷᠭᠡᠳᠬᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃
     ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠪᠠ᠃ ᠨᠡᠶᠢᠭᠡᠮ ᠲᠣᠭᠤᠷᠢᠭ ᠤᠨ ᠨᠢᠭᠡ ᠯᠡ ᠥᠷᠲᠡᠭᠡᠨ ᠤ ᠮᠠᠶ᠋ᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ ᠠᠵᠢᠯ ᠶᠠᠪᠤᠳᠠᠯ  ᠰᠢᠢᠳᠪᠦᠷᠢᠯᠡᠬᠦ ᠪᠠᠷ ᠢᠷᠡᠭᠰᠡᠨ ᠰᠠᠭᠤᠭᠠᠯᠢ ᠠᠷᠠᠳ ᠲᠤ ᠨᠡᠶᠢᠭᠡᠮ ᠤᠨ ᠳᠠᠭᠠᠳᠬᠠᠯ᠂ ᠲᠥᠯᠥᠪᠯᠡᠭᠡᠲᠦ ᠦᠷᠡᠵᠢᠯ ᠵᠡᠷᠭᠡ 79 ᠵᠦᠢᠯ ᠤᠨ ᠦᠢᠯᠡᠴᠢᠯᠡᠭᠡ ᠬᠠᠩᠭᠠᠵᠤ ᠪᠣᠯᠤᠨ᠎ᠠ᠃ ᠡᠭᠦᠨ ᠤ ᠬᠠᠮᠲᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠨ ᠰᠠᠭᠤᠭᠠᠯᠢ ᠠᠷᠠᠳ ᠤᠨ ᠠᠵᠢᠯ ᠶᠠᠪᠤᠳᠠᠯ ᠬᠢᠬᠦ ᠳᠤ ᠲᠥᠬᠦᠮ ᠦᠵᠡᠭᠦᠯᠵᠦ᠂ ᠶᠡᠭᠡ ᠲᠢᠩᠬᠢᠮ ᠳᠤ ᠠᠵᠢᠯ ᠶᠠᠪᠤᠳᠠᠯ ᠬᠢᠬᠦ ᠪᠠᠷ ᠢᠷᠡᠭᠰᠡᠨ ᠰᠠᠭᠤᠭᠠᠯᠢ ᠠᠷᠠᠳ ᠠᠵᠢᠯᠲᠠᠳ ᠲᠠᠢ ᠬᠠᠷᠢᠯᠴᠠᠵᠤ ᠮᠡᠳᠡᠭᠡ ᠵᠠᠩᠭᠢ ᠶᠢ ᠤᠷᠤᠭᠤᠯᠵᠤ ᠪᠣᠯᠤᠨ᠎ᠠ᠂ ᠢᠩᠭᠢᠪᠡᠯ ᠰᠦᠯᠵᠢᠶᠡᠨ ᠳᠡᠭᠡᠷ᠎ᠡ ᠳᠠᠷᠤᠶ ᠮᠡᠳᠡᠭᠡ ᠵᠠᠩᠭᠢ ᠶᠢᠨ ᠳᠡᠩᠰᠡᠯᠡᠯᠲᠡ ᠶᠢᠨ ᠭᠡᠷᠡᠴᠢᠯᠡᠯ ᠬᠢᠵᠦ ᠪᠣᠯᠤᠨ᠎ᠠ᠃ ᠡᠭᠦᠨ ᠤ ᠬᠠᠮᠲᠤ᠂ ᠤᠶᠤᠨᠲᠤ ᠢᠦᠶ ᠴᠢᠤᠸᠠᠨ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠲᠠᠪᠴᠠᠩ ᠢ ᠨᠡᠶᠢᠭᠡᠮ ᠲᠣᠭᠤᠷᠢᠭ ᠲᠤ ᠵᠠᠯᠭᠠᠨ ᠣᠷᠣᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠢᠨᠠᠨ ᠡᠵᠡᠮᠳᠡᠬᠦ ᠲᠠᠰᠤᠭ ᠲᠤ ᠨᠡᠶᠢᠲᠡ 102 ᠰᠡᠭᠦᠳᠡᠷᠯᠡᠬᠦ ᠮᠠᠰᠢᠨ ᠲᠠᠢ ᠪᠠᠶᠢᠵᠤ᠂ ᠬᠠᠷᠢᠶᠠᠲᠤ ᠣᠷᠣᠨ ᠤ 18 ᠬᠤᠷᠢᠶᠠᠯᠠᠯ ᠢ ᠬᠠᠮᠤᠷᠴᠤ᠂ ᠦᠨᠳᠦᠰᠦᠨ ᠳᠡᠭᠡᠨ ᠬᠢᠨᠠᠨ ᠡᠵᠡᠮᠳᠡᠬᠦ ᠶᠢ ᠪᠡᠶᠡᠯᠡᠭᠦᠯᠵᠦ᠂ ᠬᠠᠷᠢᠶᠠᠲᠤ ᠣᠷᠣᠨ ᠤ ᠠᠮᠤᠷ ᠲᠦᠪᠰᠢᠨ ᠤ ᠬᠡᠷᠡᠭ ᠤᠨ ᠬᠠᠷᠢᠴᠠᠯ ᠢ ᠢᠯᠡᠳᠲᠡ ᠪᠠᠭᠤᠷᠠᠭᠤᠯᠪᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号