ᠦᠰᠦᠭ ᠪᠢᠴᠢᠭ ᠤᠨ ᠲᠠᠶᠢᠯᠤᠮᠵᠢ᠄ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/3/6
     ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠭᠤᠯᠢ ᠡᠷᠭᠢᠯᠡᠬᠦ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠬᠥᠮᠦᠵᠢᠯ ᠤᠨ ᠬᠥᠭᠵᠢᠭᠦᠯᠦᠯᠲᠡ ﹇2024﹈ 38 ᠳ᠋ᠤᠭᠠᠷ ᠲᠣᠭᠠᠲᠤ︶ ᠵᠢᠴᠢ ᠬᠤᠲᠠ ᠶᠢᠨ ᠰᠤᠷᠭᠠᠨ ᠬᠥᠮᠦᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ 2 ᠳ᠋ᠤᠭᠠᠷ ᠰᠠᠷ᠎ᠠ ᠶᠢᠨ ᠡᠬᠢᠨ ᠠᠴᠠ ᠡᠬᠢᠯᠡᠨ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠮᠠᠨ ᠤ ᠲᠤᠭᠤᠷᠢᠭ ᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠲᠤᠰᠬᠠᠶ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠂ ᠡᠳᠦᠭᠡ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠳᠣᠤᠷᠠᠬᠢ ᠮᠡᠲᠦ ᠮᠡᠳᠡᠭᠦᠯᠦᠶ᠎ᠡ᠄      ᠬᠤᠶᠠᠷ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮ      ᠢᠦᠢ ᠴᠢᠤᠸᠠᠨ ᠤ ᠬᠠᠷᠢᠶ᠎ᠠ ᠣᠷᠣᠨ ᠳᠤ ᠣᠲᠣ ᠠᠷᠠᠳ ᠠᠴᠠ ᠡᠷᠭᠢᠯᠡᠭᠰᠡᠨ ᠰᠤᠷᠭᠠᠭᠤᠯᠢ 6 ᠪᠠᠶᠢᠵᠤ᠂ ᠡᠯ᠎ᠡ ᠰᠤᠷᠭᠠᠭᠤᠯᠢ ᠴᠥᠮ ᠰᠤᠷᠭᠠᠭᠤᠯᠢ ᠡᠷᠭᠢᠯᠡᠬᠦ ᠬᠢᠷᠢ ᠬᠡᠮ ᠲᠠᠢ᠂ ᠱᠠᠭᠠᠷᠳᠠᠯᠭ᠎ᠠ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠰᠤᠷᠭᠠᠭᠤᠯᠢ ᠡᠷᠭᠢᠯᠡᠵᠦ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮ ᠢ ᠳᠤᠷ᠎ᠠ ᠪᠠᠷ ᠢᠶᠠᠨ ᠡᠯᠭᠦᠬᠦ᠂ ᠰᠢᠯᠵᠢᠭᠦᠯᠦᠨ ᠥᠭᠬᠦ ᠦᠢᠯᠡ ᠠᠵᠢᠯᠯᠠᠭ᠎ᠠ ᠥᠬᠡᠶ᠃      ᠭᠤᠷᠪᠠ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠨᠠᠶᠢᠳᠠᠪᠤᠷᠢᠵᠢᠭᠤᠯᠤᠭᠰᠠᠨ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠰᠤᠷᠤᠯᠭ᠎ᠠ ᠶᠢᠨ ᠰᠦᠢᠳᠬᠡᠯ ᠢ ᠬᠤᠷᠢᠶᠠᠵᠤ ᠬᠡᠷᠡᠭᠯᠡᠭᠰᠡᠨ ᠪᠠᠶᠢᠳᠠᠯ      ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠮᠠᠨ ᠤ ᠲᠤᠭᠤᠷᠢᠭ ᠤᠨ 3 ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠥᠪᠡᠷ ᠤᠨ ᠰᠤᠷᠭᠠᠭᠤᠯᠢ ᠡᠷᠭᠢᠯᠡᠬᠦ ᠲᠠᠯᠠᠪᠤᠷ ᠭᠠᠵᠠᠷ ᠪᠠᠶᠢᠬᠤ ᠥᠬᠡᠶ ᠪᠣᠯᠬᠤᠷ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠰᠤᠷᠭᠠᠭᠤᠯᠢ ᠡᠷᠭᠢᠯᠡᠬᠦ ᠠᠵᠢᠯᠯᠠᠭ᠎ᠠ ᠥᠷᠨᠢᠭᠦᠯᠵᠦ ᠪᠠᠶᠢᠨ᠎ᠠ᠃ ᠡᠭᠦᠨ ᠳᠤ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠢᠶᠠᠨ ᠬᠤᠸᠠ ᠪᠠᠭ᠎ᠠ ᠰᠤᠷᠭᠠᠭᠤᠯᠢ ᠳᠤ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠬᠤᠭᠤᠴᠠᠭᠠᠨ ᠳᠤ᠂ ᠰᠤᠷᠭᠠᠭᠤᠯᠢ ᠡᠷᠭᠢᠯᠡᠬᠦ ᠲᠠᠯᠠᠪᠤᠷ ᠲᠦᠷᠢᠶᠡᠰᠦᠯᠡᠬᠦ ᠬᠤᠭᠤᠴᠠᠭ᠎ᠠ ᠳᠦᠭᠦᠷᠦᠭᠰᠡᠨ ᠪᠠᠶᠢᠳᠠᠯ ᠣᠷᠣᠰᠢᠵᠤ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠲᠣᠰ ᠰᠤᠷᠭᠠᠭᠤᠯᠢ ᠶᠢᠨ ᠬᠠᠷᠢᠭᠤᠴᠠᠯᠭᠠᠲᠠᠨ ᠢ ᠰᠤᠷᠭᠠᠭᠤᠯᠢ ᠶᠢᠨ ᠲᠠᠯᠠᠪᠤᠷ ᠭᠠᠵᠠᠷ ᠤᠨ ᠪᠠᠶᠢᠳᠠᠯ ᠢᠶᠠᠨ ᠲᠦᠷᠭᠡᠬᠡᠨ ᠳᠡᠭᠡᠭᠰᠢ ᠮᠡᠳᠡᠭᠦᠯᠬᠦ ᠶᠢ ᠰᠢᠪᠠᠳᠠᠪᠠ︔ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠲᠣ ᠶᠠᠭ ᠦᠷᠭᠦᠯᠵᠢᠯᠡᠨ ᠭᠠᠷ ᠤᠨ ᠥᠰᠥᠭ ᠵᠢᠷᠤᠬᠤ ᠳᠠᠷᠠᠭᠠᠯᠠᠯ ᠢᠶᠠᠷ ᠶᠠᠪᠤᠵᠤ ᠪᠠᠶᠢᠨ᠎ᠠ᠂ ᠣᠲᠣ ᠪᠠᠶᠢᠭ᠎ᠠ ᠭᠠᠵᠠᠷ ᠢᠶᠠᠨ ᠲᠦᠷᠢᠶᠡᠰᠦᠯᠡᠨ ᠬᠡᠷᠡᠭᠯᠡᠵᠦ ᠦᠷᠭᠦᠯᠵᠢᠯᠡᠨ ᠰᠤᠷᠭᠠᠭᠤᠯᠢ ᠡᠷᠭᠢᠯᠡᠨ᠎ᠡ ᠭᠡᠵᠡᠶ᠃      ᠡᠯ᠎ᠡ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠡᠷᠭᠢᠯᠡᠨ ᠪᠠᠶᠢᠭᠤᠯᠤᠭᠰᠠᠳ ᠲᠤ ᠴᠥᠮ ᠰᠤᠷᠭᠠᠭᠤᠯᠢ ᠶᠢᠨ ᠡᠳ᠋ ᠬᠥᠷᠥᠩᠭᠡ ᠶᠢ ᠡᠵᠡᠯᠡᠭᠰᠡᠨ᠂ ᠨᠡᠭᠦᠯᠭᠡᠨ ᠬᠡᠷᠡᠭᠯᠡᠭᠰᠡᠨ᠂ ᠲᠠᠳᠠᠨ ᠵᠠᠶᠢᠯᠠᠭᠤᠯᠤᠭᠰᠠᠨ ᠪᠠᠶᠢᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠦᠷᠢᠶᠡᠰᠦᠯᠡᠨ ᠬᠡᠷᠡᠭᠯᠡᠭᠰᠡᠨ ᠪᠠᠶᠢᠳᠠᠯ ᠪᠠᠶᠢᠬᠤ ᠥᠬᠡᠶ᠂ ᠡᠯ᠎ᠡ ᠰᠤᠷᠭᠠᠭᠤᠯᠢ ᠨᠤᠭᠤᠳ ᠴᠥᠮ ᠬᠠᠤᠯᠢ ᠲᠣᠭᠲᠠᠭᠠᠯ ᠶᠣᠰᠣᠭᠠᠷ ᠨᠢᠭᠲᠠᠯᠠᠨ ᠪᠤᠳᠤᠬᠤ ᠲᠦᠷᠢᠮ ᠢ ᠪᠠᠶᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠪᠠᠶᠢᠳᠠᠯ ᠪᠠᠶᠢᠬᠤ ᠥᠬᠡᠶ᠃      ᠳᠦᠷᠪᠡ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠪᠠᠶᠢᠳᠠᠯ      ᠡᠯ᠎ᠡ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ ᠶᠣᠰᠣᠭᠠᠷ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢ ᠬᠢᠨᠠᠨ ᠲᠣᠭᠲᠠᠭᠠᠵᠤ᠂ 2023 ᠣᠨ ᠳᠤ ᠮᠠᠨ ᠤ ᠲᠤᠭᠤᠷᠢᠭ ᠨᠡᠶᠢᠲᠡ 1530 ᠰᠣᠷᠣᠭᠴᠢ ᠡᠯᠰᠡᠬᠦ ᠪᠠᠷ ᠲᠥᠯᠥᠪᠯᠡᠵᠦ᠂ ᠪᠣᠳᠠᠲᠠᠶ ᠳᠤ 1008 ᠰᠣᠷᠣᠭᠴᠢ ᠡᠯᠰᠡᠪᠡ᠃ ᠰᠣᠷᠣᠭᠴᠢ ᠡᠯᠰᠡᠬᠦ ᠡᠲᠡᠭᠡᠳ ᠤᠨ ᠣᠯᠠᠩᠬᠢ ᠨᠢ ᠢᠦᠶ ᠴᠢᠤᠸᠠᠨ ᠲᠣᠭᠤᠷᠢᠭ ᠲᠤ ᠲᠣᠭᠲᠠᠪᠤᠷᠢᠲᠠᠶ ᠰᠠᠭᠤᠷᠢᠰᠢᠵᠤ ᠪᠠᠶᠢᠭ᠎ᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠪᠠᠶᠢᠵᠤ᠂ ᠣᠷᠣᠨ ᠪᠦᠰᠡ ᠠᠯᠤᠰᠯᠠᠨ ᠰᠣᠷᠣᠭᠴᠢ ᠡᠯᠰᠡᠬᠦ ᠪᠠᠶᠢᠳᠠᠯ ᠣᠷᠣᠰᠢᠬᠤ ᠥᠬᠡᠶ ᠶᠤᠮ᠃ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠢᠯᠡ ᠪᠠᠷ ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠭᠦᠯᠵᠦ᠂ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠮᠡᠳᠡᠭᠡ ᠵᠠᠩᠭᠢ ᠴᠤᠭᠯᠠᠭᠤᠯᠬᠤ᠂ ᠡᠯᠰᠡᠬᠦ᠂ ᠠᠩᠭᠢ ᠬᠤᠪᠢᠶᠠᠬᠤ ᠶᠢ ᠵᠡᠷᠭᠡ ᠪᠠᠷ ᠬᠡᠷᠡᠭᠵᠢᠭᠦᠯᠪᠡ︔ ᠠᠷᠠᠳ ᠠᠴᠠ ᠡᠷᠭᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ︽2023 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠣᠷᠣᠭᠴᠢ ᠡᠯᠰᠡᠬᠦ ᠠᠵᠢᠯ ᠤᠨ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠰᠠᠯᠭᠠᠨ ᠡᠯᠰᠡᠬᠦ︾ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠷᠣᠭᠴᠢ ᠶᠢᠨ ︽ᠰᠠᠯᠭᠠᠨ ᠡᠯᠰᠡᠬᠦ︾ ᠬᠢᠷᠢ ᠬᠡᠮ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠠᠵᠢᠯ ᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠨᠡᠷ᠎ᠡ ᠮᠡᠳᠡᠭᠦᠯᠬᠦ᠂ ᠰᠢᠯᠭᠠᠬᠤ᠂ ᠡᠷᠡᠮᠡᠯᠵᠡᠯ ᠲᠠᠭᠯᠠᠬᠤ ᠪᠠ ᠡᠯᠰᠡᠬᠦ ᠵᠡᠷᠭᠡ ᠡᠯ᠎ᠡ ᠵᠦᠢᠯ ᠤᠨ ᠠᠵᠢᠯ ᠢ ᠪᠡᠶᠡᠯᠡᠭᠦᠯᠪᠡ᠃ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠢᠯ ᠢ ᠴᠢᠩᠭ᠎ᠠ ᠴᠠᠭᠠᠵᠠᠯᠠᠬᠤ︾ ᠶᠢ ᠨᠠᠶᠢᠳᠠᠪᠤᠷᠢᠵᠢᠭᠤᠯᠤᠨ ᠰᠣᠷᠣᠭᠴᠢ ᠡᠯᠰᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠰᠣᠷᠣᠭᠴᠢ ᠡᠯᠰᠡᠬᠦ ᠤᠬᠠᠭᠤᠯᠭ᠎ᠠ ᠶᠢᠨ ᠲᠠᠯ᠎ᠠ ᠪᠠᠷ ᠦᠨᠡᠨ ᠪᠣᠳᠠᠲᠠᠶ ᠪᠤᠰᠤ ᠪᠠᠶᠢᠳᠠᠯ ᠣᠷᠣᠰᠢᠬᠤ ᠥᠬᠡᠶ᠃      ᠲᠠᠪᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ      ︽ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠬᠥᠮᠦᠵᠢᠯ ᠤᠨ ᠠᠯᠪᠠᠨ ᠬᠡᠷ ᠤᠨ ᠲᠥᠬᠦᠮ ᠵᠠᠬᠢᠳᠠᠯ ﹇2024﹈ 8 ᠳ᠋ᠤᠭᠠᠷ ᠲᠣᠭᠠᠲᠤ︶ ᠲᠠᠢ ᠬᠠᠷᠢᠴᠠᠭᠤᠯᠤᠨ ᠲᠣᠩᠭᠤᠷᠤᠭᠤᠯᠤᠨ ᠵᠢᠭᠰᠠᠭᠠᠵᠤ ᠡᠮᠬᠢᠯᠡᠨ ᠳᠢᠭᠯᠡᠵᠦ᠂ ᠮᠠᠨ ᠤ ᠲᠤᠭᠤᠷᠢᠭ ᠤᠨ 6 ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠭᠠᠯ ᠤᠨᠲᠠᠷᠠᠭᠠᠬᠤ ᠠᠮᠤᠷ ᠲᠦᠪᠰᠢᠨ᠂ ᠬᠡᠷ ᠪᠠᠶᠢᠰᠢᠩ ᠤᠨ ᠪᠦᠲᠦᠴᠡ ᠶᠢᠨ ᠠᠮᠤᠷ ᠲᠦᠪᠰᠢᠨ᠂ ᠪᠢᠲᠡᠭᠦᠮᠵᠢᠯᠡᠭᠰᠡᠨ ᠬᠠᠮᠢᠶᠠᠷᠤᠯᠲᠠ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠵᠡᠷᠭᠡ ᠲᠠᠯ᠎ᠠ ᠪᠠᠷ ᠭᠠᠷᠲᠠᠨ ᠬᠢᠵᠦ᠂ ᠪᠦᠬᠦᠨ ᠢ ᠬᠠᠮᠤᠷᠬᠤ᠂ ᠥᠯᠥ ᠣᠨᠣᠭᠳᠠᠬᠤ ᠭᠠᠵᠠᠷ ᠥᠬᠡᠶ ᠪᠤᠯᠭᠠᠪᠠ᠃ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠪᠠᠶᠢᠳᠠᠯ ᠳᠤ ᠭᠠᠯ ᠤᠨᠲᠠᠷᠠᠭᠠᠭᠤᠷ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ ᠪᠠᠭᠰᠢ ᠰᠤᠷᠤᠭᠴᠢᠳ ᠤᠨ ᠡᠳᠦᠷ ᠲᠤᠲᠤᠮ ᠤᠨ ᠠᠮᠤᠷ ᠲᠦᠪᠰᠢᠨ ᠤ ᠬᠥᠮᠦᠵᠢᠯ ᠬᠢᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠲᠤᠰᠬᠠᠶ ᠲᠤᠰᠢᠶᠠᠯᠲᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ᠂ ᠰᠤᠷᠭᠠᠭᠤᠯᠢ ᠶᠢᠨ ᠬᠡᠷ ᠪᠠᠶᠢᠰᠢᠩ ᠨᠤᠷᠠᠬᠤ ᠵᠡᠷᠭᠡ ᠠᠳᠡᠯ ᠭᠠᠷᠬᠤ ᠶᠢ ᠦᠷᠭᠦᠯᠵᠢᠯᠡᠨ ᠰᠡᠷᠭᠡᠶᠢᠯᠡᠬᠦ ᠬᠡᠷᠡᠭᠲᠡᠶ᠃      ᠭᠠᠯ ᠤᠨᠲᠠᠷᠠᠭᠠᠬᠤ ᠰᠢᠰᠲ᠋ᠧᠮ ᠢ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠰᠤᠷᠭᠠᠭᠤᠯᠢ ᠳᠤ᠂ ᠰᠤᠷᠭᠠᠭᠤᠯᠢ ᠶᠢᠨ ᠬᠠᠷᠢᠭᠤᠴᠠᠯᠭᠠᠲᠠᠨ ᠢ ᠱᠠᠭᠠᠷᠳᠠᠵᠤ ᠪᠠᠶᠢᠭᠠᠳ ᠭᠤᠷᠪᠠᠳᠠᠬᠢ ᠡᠲᠡᠭᠡᠳ ᠤᠨ ᠺᠣᠮᠫᠠᠨᠢ ᠳᠤ ᠨᠠᠶᠢᠳᠠᠨ᠂ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠬᠠᠮᠠᠭᠠᠯᠠᠯᠲᠠ ᠶᠢᠨ ᠠᠵᠢᠯᠲᠠᠨ ᠲᠣᠬᠢᠷᠠᠭᠤᠯᠵᠤ᠂ ᠭᠠᠯ ᠤᠨᠲᠠᠷᠠᠭᠠᠬᠤ ᠰᠢᠰᠲ᠋ᠧᠮ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ ᠬᠠᠮᠠᠭᠠᠯᠠᠨ᠂ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ︔ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠲᠤᠰᠬᠠᠶ ᠮᠡᠷᠭᠡᠵᠢᠯᠲᠡᠳ ᠲᠠᠢ ᠨᠡᠪᠲᠡᠷᠡᠯᠴᠡᠬᠦ ᠪᠠᠷ ᠳᠡᠮᠵᠢᠨ᠂ ᠪᠠᠭ᠎ᠠ ᠬᠡᠪᠴᠢᠶᠡᠨ ᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠥᠬᠡᠶ ᠰᠤᠷᠭᠠᠭᠤᠯᠢ ᠳᠤ᠂ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠪᠤᠶᠤ ᠨᠡᠪᠲᠡᠷᠡᠬᠦ ᠵᠠᠮ ᠳᠤ ᠲᠤᠭ᠎ᠠ ᠬᠡᠮᠵᠢᠶ᠎ᠡ ᠪᠠᠨ ᠨᠡᠮᠡᠭᠳᠡᠭᠦᠯᠦᠨ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠳᠣᠭᠢᠷᠠᠭᠤᠯᠬᠤ ᠶᠢᠨ ᠬᠠᠮᠲᠤ᠂ ᠰᠤᠷᠭᠠᠭᠤᠯᠢ ᠳᠤ ᠪᠠᠶᠢᠭ᠎ᠠ ᠪᠠᠭᠰᠢ ᠰᠣᠷᠣᠭᠴᠢ ᠵᠢᠴᠢ ᠬᠠᠮᠢᠶ᠎ᠠ ᠪᠥᠬᠦᠶ ᠬᠥᠮᠦᠰ ᠲᠤ ᠪᠣᠯᠪᠠᠰᠤᠷᠠᠭᠤᠯᠤᠯ ᠬᠢᠵᠦ ᠰᠤᠷᠤᠯᠴᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠢᠶᠠᠷ ᠲᠠᠷᠬᠠᠭᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠭᠠᠷᠪᠠᠯ ᠲᠡᠷᠡ ᠳᠠᠷᠤᠶ ᠳᠤᠨᠢ ᠪᠠᠴᠢᠮ ᠪᠠᠶᠢᠳᠠᠯ ᠢ  ᠠᠷᠭᠠᠴᠠᠭᠠᠬᠤ ᠲᠤᠰᠬᠠᠯ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠵᠢᠷᠭᠤᠭ᠎ᠠ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠣᠨ ᠤ ᠪᠠᠶᠢᠴᠠᠭᠠᠯᠲᠠ ᠳᠤ ᠣᠷᠣᠯᠴᠠᠭᠰᠠᠨ ᠵᠢᠴᠢ ᠣᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ      ᠠᠷᠠᠳ ᠠᠴᠠ ᠡᠷᠭᠢᠯᠡᠭᠰᠡᠨ 6 ᠰᠤᠷᠭᠠᠭᠤᠯᠢ ᠴᠥᠮ ᠣᠨ ᠤ ᠪᠠᠶᠢᠴᠠᠭᠠᠯᠲᠠ ᠳᠤ ᠬᠡᠪ ᠤᠨ ᠪᠠᠶᠢᠳᠠᠯ ᠢᠶᠠᠷ ᠣᠷᠣᠯᠴᠠᠭᠰᠠᠨ ᠪᠥᠭᠡᠳ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠯᠬᠤᠷ ᠡᠳᠦᠷ ᠲᠤᠲᠤᠮ ᠤᠨ ᠪᠠᠶᠢᠴᠠᠭᠠᠯᠲᠠ ᠳᠤ ᠴᠡᠭᠴᠡᠯᠡᠨ ᠥᠭᠡᠷᠡᠴᠢᠯᠡᠵᠦ ᠪᠣᠯᠬᠤ ᠠᠰᠠᠭᠤᠳᠠᠯ ᠢ ᠴᠥᠮ ᠴᠡᠭᠴᠡᠯᠡᠨ ᠥᠭᠡᠷᠡᠴᠢᠯᠡᠵᠦ ᠳᠠᠭᠤᠰᠬᠠᠭᠰᠠᠨ ᠪᠠᠶᠢᠨ᠎ᠠ᠃      ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠪᠣᠯ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠰᠤᠷᠭᠠᠭᠤᠯᠢ ᠡᠷᠭᠢᠯᠡᠬᠦ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠳᠤ ᠬᠤᠯᠪᠣᠭᠳᠠᠨ᠎ᠠ᠃ ᠮᠠᠨ ᠤ ᠲᠤᠭᠤᠷᠢᠭ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠠᠵᠢᠯᠯᠠᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠤᠰ ᠭᠠᠵᠠᠷ ᠲᠤᠰ ᠰᠤᠷᠭᠠᠭᠤᠯᠢ ᠶᠢᠨ ᠢᠶᠠᠨ ᠰᠤᠷᠭᠠᠭᠤᠯᠢ ᠡᠷᠬᠢᠯᠡᠬᠦ ᠠᠶᠤᠯ ᠲᠦᠭᠰᠢᠭᠦᠷᠢ ᠶᠢ ᠵᠠᠳᠠᠯᠤᠨ ᠰᠤᠳᠤᠯᠤᠨ ᠮᠠᠭᠠᠳᠯᠠᠵᠤ᠂ ᠪᠠᠭᠤᠷᠠᠢ ᠭᠤᠭᠴᠤᠭ᠎ᠠ ᠶᠢ ᠡᠷᠢᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃              ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号