ᠢᠦᠶ ᠴᠢᠤᠸᠠᠨ ᠲᠣᠭᠤᠷᠢᠭ ᠤᠨ ᠤᠯᠠᠭᠠᠨ ᠪᠥᠴᠡᠲᠡᠨ ︽ᠯᠸᠢ ᠹᠧᠩ ᠠᠴᠠ ᠰᠤᠷᠤᠯᠴᠠᠬᠤ︾ ᠲᠤᠯᠤᠭᠠᠨ ᠥᠩᠭᠡ ᠶᠢᠨ ᠬᠡᠷᠡᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/7
     ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠮᠳᠠ ᠯᠸᠢ ᠹᠧᠩ ᠤᠨ ᠵᠣᠷᠢᠭ ᠰᠠᠨᠠᠭ᠎ᠠ ᠵᠢᠴᠢ ︽ᠬᠠᠷᠠᠮ ᠦᠭᠡᠶ ᠵᠣᠷᠢᠭᠤᠯᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠥᠷᠭᠡᠨ ᠣᠯᠠᠨ ᠪᠠᠭᠠᠴᠤᠳ ᠬᠡᠦᠬᠡᠳ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ᠢᠲᠡᠭᠡᠯ ᠪᠢᠰᠢᠷᠡᠯ ᠢ ᠨᠢ ᠪᠠᠲᠤᠳᠬᠠᠬᠤ ᠶᠢᠨ ᠲᠥᠯᠥᠭᠡ᠂ ᠯᠸᠢ ᠹᠧᠩ ᠠᠴᠠ ᠰᠤᠷᠤᠯᠴᠠᠭᠰᠠᠨ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠢᠦᠶ ᠴᠢᠤᠸᠠᠨ ᠲᠣᠭᠤᠷᠢᠭ ᠤᠨ ᠤᠯᠠᠭᠠᠨ ᠪᠥᠴᠡᠲᠡᠨ ︽ᠯᠸᠢ ᠹᠧᠩ ᠠᠴᠠ ᠰᠤᠷᠤᠯᠴᠠᠬᠤ︾ ᠳᠣᠯᠣᠭᠠᠨ ᠥᠩᠭᠡ ᠶᠢᠨ ᠭᠡᠷᠡᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠢᠦᠢ ᠴᠢᠤᠸᠠᠨ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠬᠢ ᠶᠢᠨ ᠬᠢᠨ ︽ᠲᠤᠯᠤᠭᠠᠨ ᠦᠩᠬᠡ ᠶᠢᠨ ᠬᠡᠷᠡᠯ︾ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠦᠯᠭᠡ ᠶᠢᠨ ᠥᠩᠭᠡᠷᠡᠭᠡᠯᠲᠡ ᠳᠤᠮᠳᠠ ᠪᠤᠰᠤᠳ ᠲᠤ ᠦᠢᠯᠡᠴᠢᠯᠡᠬᠦ᠂ ᠥᠪᠡᠷ ᠢ ᠪᠠᠨ ᠪᠠᠶᠠᠰᠬᠠᠬᠤ ᠤᠬᠠᠮᠰᠠᠷ ᠪᠠ ᠲᠥᠷᠥᠭᠳᠡᠯ ᠢ ᠨᠢ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠪᠠᠶᠢᠩᠭᠤᠵᠢᠭᠤᠯᠪᠠ᠃
     ᠯᠸᠢ ᠹᠧᠩ ᠤᠨ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠠᠮᠢᠳᠤᠯᠢᠭ ᠢᠯᠡᠷᠡᠯ ᠮᠥᠨ᠂ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠤᠨ ᠰᠠᠨᠠᠭᠠᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠯᠸᠢ ᠹᠧᠩ ᠤᠨ ᠦᠢᠯᠡ ᠠᠵᠢᠯᠯᠠᠭ᠎ᠠ ᠲᠣᠭᠠᠯᠠᠰᠢ ᠦᠭᠡᠶ ᠣᠯᠠᠨ ᠪᠠᠶᠢᠳᠠᠭ᠂ ᠲᠡᠭᠦᠨ ᠳᠤ ᠨᠢᠭᠡ ᠠᠵᠢᠯ ᠬᠢᠪᠡᠯ᠂ ᠨᠢᠭᠡ ᠠᠵᠢᠯ ᠢ ᠬᠠᠶᠢᠷᠠᠯᠠᠬᠤ᠂ ᠨᠢᠭᠡ ᠠᠵᠢᠯ ᠬᠢᠬᠦ ᠶᠢ ᠪᠠᠷᠢᠮᠲᠠᠯᠠᠬᠤ ᠪᠠ ᠬᠠᠮᠢᠭ᠎ᠠ ᠠᠵᠢᠯᠯᠠᠪᠠᠯ ᠲᠡᠨᠳᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠠᠲᠤ ᠢᠲᠡᠭᠡᠯ ᠲᠠᠢ ᠪᠠᠶᠢᠵᠤ᠂ ᠮᠠᠰᠢ ᠣᠯᠠᠨ ᠰᠢᠯᠢᠳᠡᠭ ᠵᠠᠩ ᠴᠢᠨᠠᠷ ᠲᠠᠢ ᠪᠠᠶᠢᠳᠠᠭ᠃
     ᠶᠡᠷᠦᠩᠬᠡᠶ ᠱᠦᠵᠢ ᠰᠢ ᠶᠢᠨ ᠫᠢᠩ ᠪᠢᠳᠡᠨ ᠳᠤ᠄ ︽ᠯᠸᠢ ᠹᠧᠩ ᠤᠨ ᠵᠣᠷᠢᠭ ᠰᠠᠨᠠᠭ᠎ᠠ ᠶᠢ ᠬᠥᠮᠦᠨ ᠪᠣᠯᠭᠠᠨ ᠰᠤᠷᠴᠤ ᠪᠣᠯᠤᠨ᠎ᠠ᠂ ᠬᠠᠶᠢᠷ᠎ᠠ ᠰᠡᠳᠬᠢᠯᠭᠡ ᠪᠠᠨ ᠡᠷᠭᠦᠪᠡᠯ ᠭᠠᠵᠠᠷ ᠪᠣᠯᠭᠠᠨ ᠳᠤ ᠠᠵᠢᠯ ᠦᠢᠯᠡᠰ ᠪᠦᠲᠦᠭᠡᠵᠦ ᠪᠣᠯᠤᠨ᠎ᠠ︾ ᠭᠡᠵᠦ ᠵᠢᠭᠠᠨ ᠰᠤᠷᠭᠠᠪᠠ᠃ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠤᠭᠰᠠᠨ ᠤ ᠬᠤᠪᠢ ᠳᠤ᠂ ᠤᠯᠠᠭᠠᠨ ᠪᠥᠴᠡᠲᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠡᠳᠦᠷ ᠲᠤᠲᠤᠮ ᠤᠨ ᠠᠮᠢᠳᠤᠷᠠᠯ ᠳᠠᠭᠠᠨ ᠠᠭᠤᠰᠬᠠᠵᠤ᠂ ᠯᠸᠢ ᠹᠧᠩ ᠤᠨ ᠵᠣᠷᠢᠭ ᠰᠠᠨᠠᠭ᠎ᠠ ᠪᠠ ︽ᠬᠠᠷᠠᠮ ᠥᠬᠡᠶ ᠵᠣᠷᠢᠭᠤᠯᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠮᠢᠨᠦ ᠲᠥᠯᠥᠭᠡ︾ ᠪᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃ ︽ᠬᠤᠰᠢᠭᠤᠴᠢ︾ ᠶᠢ ᠬᠥᠭᠡᠭᠡᠴᠡᠯᠳᠦᠬᠦ ᠰᠠᠶᠢᠨ ᠪᠠᠭᠠᠴᠤᠳ ᠪᠣᠯᠬᠤ ᠪᠠᠷ ᠮᠡᠷᠡᠶᠢᠨ ᠴᠢᠷᠮᠠᠶᠢᠵᠤ᠂ ᠯᠸᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠨ ᠵᠠᠯᠭᠠᠮᠵᠢᠯᠠᠭᠤᠯᠵᠤ᠂ ᠬᠡᠵᠢᠶ᠎ᠡ ᠡᠭᠦᠷᠢᠳᠡ ᠰᠢᠨ᠎ᠡ ᠪᠠᠷ ᠪᠠᠳᠠᠷᠠᠭᠤᠯᠤᠨ᠎ᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠬᠢ ᠶᠢᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号