︽ᠢᠦᠶ ᠴᠢᠤᠸᠠᠨ ᠲᠣᠭᠤᠷᠢᠭ ᠤᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠢᠦᠶ ᠴᠢᠤᠸᠠᠨ ᠲᠣᠭᠤᠷᠢᠭ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/3/7
ᠢᠦᠶ ᠴᠢᠤᠸᠠᠨ ᠲᠣᠭᠤᠷᠢᠭ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠳᠤ᠄      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ︾ ᠪᠣᠯᠤᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠠᠷᠠᠳ ᠤᠨ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠬᠡᠷᠡᠭ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠢᠬᠤᠯᠠ ᠨᠥᠯᠥᠭᠡ ᠪᠦᠬᠦᠢ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠪᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠲᠥᠰᠦᠯ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ ᠪᠠ ᠪᠤᠰᠤᠳ ᠴᠢᠬᠤᠯᠠ ᠶᠡᠭᠡ ᠬᠡᠷᠡᠭ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠠᠭᠤᠯᠭ᠎ᠠ ᠳᠤ᠂ ᠳᠡᠭᠡᠳᠦ ᠱᠠᠲᠤᠨ ᠤ ᠨᠢᠭᠡᠴᠢ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠢᠦᠶ ᠴᠢᠤᠸᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ︾ ᠢ ᠲᠣᠭᠲᠠᠭᠠᠬᠤ ᠶᠢᠨ ᠬᠠᠮᠲᠤ᠂ ᠢᠦᠶ ᠴᠢᠤᠸᠠᠨ ᠲᠣᠭᠤᠷᠢᠭ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠡᠯ᠎ᠡ ᠪᠦᠷᠢᠯᠳᠦᠬᠦᠨ ᠨᠢᠭᠡᠴᠢ ᠴᠥᠮ ᠰᠠᠨᠠᠯ ᠥᠬᠡᠶ᠂ ᠰᠠᠨᠠᠯ ᠨᠢᠭᠡᠲᠡᠶ ᠪᠠᠲᠤᠯᠠᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃      ᠳᠠᠭᠠᠯᠳᠤᠭᠤᠯᠤᠯ᠄      1. ᠢᠦᠶ ᠴᠢᠤᠸᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ      2. ᠢᠦᠶ ᠴᠢᠤᠸᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠤᠨ ᠮᠡᠳᠡᠭᠦᠯᠦᠯᠲᠡ ᠶᠢᠨ ᠲᠣᠳᠣᠷᠬᠠᠶ ᠬᠠᠭᠤᠳᠠᠰᠤ      ᠢᠦᠶ ᠴᠢᠤᠸᠠᠨ ᠲᠣᠭᠤᠷᠢᠭ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ      ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠣᠷᠣᠯᠠᠭᠴᠢ ᠲᠠᠮᠠᠭ᠎ᠠ                      2024 ᠣᠨ ᠤ 3 ᠳ᠋ᠤᠭᠠᠷ ᠰᠠᠷ᠎ᠠ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号