ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠤ 2023 ᠣᠨ ᠤ ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠤᠨ ᠰᠠᠶᠢᠨ ᠳᠤᠷᠠᠴᠤᠳ ᠤᠨ | ᠭᠤᠸᠠᠩᠳᠦ᠋ᠩ ᠳᠠᠬᠢ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ 2023 ᠣᠨ ᠤ ᠤᠯᠤᠰ ᠤᠨ ︽ᠬᠠᠪᠤᠷ ᠤᠨ | ᠬᠤᠷ᠎ᠠ ᠢᠨᠵᠧᠨᠧᠷᠢᠩ︾ ᠤᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠬᠢᠯᠢ | ᠬᠢᠵᠠᠭᠠᠷ ᠤᠨ ᠠᠶᠠᠯᠠᠯ ᠤᠨ ᠰᠢᠯᠢᠳᠡᠭ ᠲᠥᠷᠥᠯ ᠵᠦᠢᠯ ᠳᠤ ᠰᠣᠩᠭᠤᠭᠳᠠᠪᠠ᠃ | 2023 ᠣᠨ ᠤ ᠮᠠᠨ ᠤ ᠣᠷᠣᠨ ᠤ ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠤᠨ ᠰᠠᠶᠢᠨ | ᠳᠤᠷᠠᠴᠤᠳ ᠤᠨ ᠭᠤᠸᠠᠩᠳᠦ᠋ᠩ ᠳᠠᠬᠢ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠬᠥᠯᠥᠨ ᠪᠤᠶᠢᠷ ᠬᠤᠲᠠ ᠶᠢᠨ | ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠰᠠᠯᠪᠤᠷᠢ ᠠᠩᠭᠢ ᠳᠠᠭᠠᠭᠠᠴᠢᠯᠠᠨ | ᠡᠷᠭᠢᠯᠡᠵᠦ᠂ ᠭᠤᠸᠠᠩᠵᠧᠦ ᠬᠤᠲᠠ᠂ ᠹᠦᠸᠧᠱᠠᠨ ᠬᠤᠲᠠ᠂ ᠵᠦᠬᠠᠢ ᠬᠤᠲᠠ ᠵᠡᠷᠭᠡ ᠭᠠᠵᠠᠷ ᠲᠤ 1 ᠳᠠᠯᠠᠪᠠᠢ | ᠦᠵᠡᠰᠭᠦᠯᠡᠩ᠂ 3 ᠲᠠᠯᠠᠪᠠᠢ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠬᠯᠠᠯᠲᠠ ᠭᠠᠷᠭᠠᠵᠤ᠂ | ᠲᠤᠬᠠᠢ ᠶᠢᠨ ᠭᠠᠵᠠᠷ ᠤᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠬᠥᠯᠥᠨ ᠪᠤᠶᠢᠷ ᠤᠨ ᠠᠷᠠᠳ ᠤᠨ | ᠵᠠᠩ ᠦᠢᠯᠡ ᠶᠢᠨ ᠭᠡᠷᠡᠯ ᠵᠢᠷᠤᠭ ᠤᠨ ᠦᠵᠡᠰᠭᠦᠯᠡᠩ ᠳᠤ ᠪᠠᠶᠠᠷ ᠳᠤᠷᠠᠰᠬᠠᠯ᠂ ᠠᠷᠠᠳ ᠤᠨ ᠠᠮᠢᠳᠤᠷᠠᠯ᠂ ᠢᠳᠡᠭᠡᠨ | ᠤᠮᠳᠠᠭᠠᠨ᠂ ᠬᠤᠪᠴᠠᠰᠤ ᠵᠠᠰᠠᠯ᠂ ᠭᠠᠷ ᠤᠷᠠᠯᠠᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ | ᠵᠡᠷᠭᠡ ᠲᠠᠯ᠎ᠠ ᠶᠢᠨ 100 ᠪᠦᠲᠦᠭᠡᠯ ᠢ ᠳᠡᠯᠭᠡᠨ ᠦᠵᠡᠭᠦᠯᠵᠦ᠂ ᠳᠠᠭᠤᠤ ᠪᠥᠵᠢᠭ ᠤᠨ ᠦᠳᠡᠰᠢᠯᠡᠭᠡ ᠳᠤ ᠪᠥᠵᠢᠭ᠂ | ᠳᠠᠭᠤᠤ᠂ ᠬᠥᠭᠵᠢᠮ᠂ ᠬᠤᠪᠴᠠᠰᠤ ᠵᠠᠰᠠᠯ ᠤᠨ ᠲᠣᠬᠯᠠᠯᠲᠠ ᠵᠡᠷᠭᠡ ᠭᠤᠶᠢᠳᠠ ᠰᠠᠶᠢᠬᠠᠨ ᠲᠣᠬᠯᠠᠯᠲᠠ ᠶᠢ ᠨᠠᠷᠢᠨ | ᠨᠢᠮᠪᠠᠢ ᠪᠡᠯᠡᠳᠬᠡᠵᠦ᠂ ᠮᠠᠨ ᠤ ᠣᠷᠣᠨ ᠤ ᠪᠠ ᠭᠤᠸᠠᠩᠳᠦ᠋ᠩ ᠮᠤᠵᠢ ᠶᠢᠨ ᠰᠣᠶᠣᠯ ᠤᠨ ᠰᠠᠶᠢᠨ ᠳᠤᠷᠠᠴᠤᠳ | ᠬᠠᠮᠲᠤ ᠪᠠᠷ ᠤᠮᠠᠷᠠᠲᠤ ᠶᠢᠨ ᠦᠨᠳᠦᠰᠦᠲᠡᠨ ᠤ ᠣᠨᠴᠠᠯᠢᠭ ᠪᠠ ᠲᠣᠮᠣ ᠪᠤᠯᠤᠩ ᠤᠨ ᠣᠷᠣᠨ ᠤ ᠣᠨᠴᠠᠯᠢᠭ ᠲᠠᠢ | ᠭᠤᠴᠣ ᠰᠠᠶᠢᠬᠠᠨ ᠲᠣᠬᠯᠠᠯᠲᠠ ᠭᠠᠷᠭᠠᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠰᠣᠶᠣᠯ ᠤᠨ ᠷᠢᠳᠢ | ᠰᠢᠳᠢ ᠶᠢ ᠬᠠᠷᠠᠭᠤᠯᠵᠤ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠠᠢ᠃ | ︽ᠬᠠᠪᠤᠷ ᠤᠨ ᠬᠤᠷ᠎ᠠ ᠢᠨᠵᠧᠨᠧᠷᠢᠩ︾ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠨ ᠬᠢᠯᠢ | ᠬᠢᠵᠠᠭᠠᠷ ᠤᠨ ᠠᠶᠠᠯᠠᠯ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠤᠯᠤᠰ ᠤᠨ ᠦᠨᠳᠦᠰᠦᠲᠡᠨ ᠤ ᠬᠡᠷᠡᠭ | ᠡᠷᠭᠢᠯᠡᠭᠦ ᠵᠥᠪᠯᠡᠯ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠰᠣᠶᠣᠯ ᠪᠠ ᠵᠢᠭᠤᠯᠴᠢᠯᠠᠯ ᠤᠨ ᠰᠠᠶᠢᠨ | ᠲᠤᠷᠠᠴᠤᠳ ᠤᠨ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠵᠣᠷᠢᠯᠭ᠎ᠠ ᠪᠤᠯᠭᠠᠬᠰᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠭᠤᠣᠯᠳᠠᠯᠭ᠎ᠠ ᠲᠠᠢ ᠢᠨᠵᠧᠨᠧᠷᠢᠩ ᠪᠣᠯᠣᠨ᠎ᠠ᠃ | 2023 ᠣᠨ ᠳᠤ ᠮᠠᠨ ᠤ ᠣᠷᠣᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ᠂ ᠵᠢᠭᠤᠯᠴᠢᠯᠠᠯ ᠤᠨ ᠲᠠᠨᠢᠯᠴᠠᠭᠤᠯᠭ᠎ᠠ ᠵᠡᠷᠭᠡ ᠲᠥᠷᠥ ᠶᠢᠨ ᠪᠣᠳᠣᠯᠭ᠎ᠠ ᠪᠠ ᠠᠵᠢᠯ ᠤᠨ ᠲᠣᠭᠲᠠᠴᠠ ᠲᠠᠢ | ᠤᠶᠠᠯᠳᠤᠭᠤᠯᠤᠨ᠂ ︽ᠭᠠᠳᠠᠭᠰᠢ ᠭᠠᠷᠬᠤ + ᠤᠷᠢᠵᠤ ᠠᠪᠴᠢᠷᠠᠬᠤ︾ ᠵᠡᠷᠭᠡ ᠠᠷᠭ᠎ᠠ ᠭᠡᠯᠪᠡᠷᠢ ᠪᠠᠷ ︽ᠬᠠᠪᠤᠷ ᠤᠨ | ᠬᠤᠷ᠎ᠠ ᠢᠨᠵᠧᠨᠧᠷᠢᠩ︾ ᠤᠨ ᠲᠥᠷᠥᠯ ᠵᠦᠢᠯ ᠢ 45 ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠨᠠᠷ ᠰᠠᠶᠢᠲᠠᠢ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠨ ᠲᠤᠷᠠᠴᠤᠳ ᠤᠨ ᠦᠢᠯᠡᠴᠢᠯᠡᠭᠡᠨ ᠤ ᠭᠡᠯᠪᠡᠷᠢ ᠪᠠᠷ ᠰᠣᠯᠢᠯᠴᠠᠨ | ᠬᠥᠳᠡᠯᠦᠯᠴᠡᠬᠦ ᠶᠢ ᠠᠬᠢᠭᠤᠯᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ |