ᠸᠠᠨ ᠶᠢᠨ ᠨᠡᠶᠢᠭᠡᠮ ᠲᠣᠭᠤᠷᠢᠭ ᠤᠨ ᠬᠢᠨ ︽ᠯᠸᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/8
     61 ᠳ᠋ᠤᠭᠡᠷ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠤᠨ ᠲᠠᠰᠢᠷᠠᠮ ᠳᠤ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠯ ᠵᠢᠷᠭᠠᠯᠲᠤ ᠭᠡᠷ ᠣᠷᠣᠨ ᠢ ᠴᠣᠭᠴᠠᠯᠠᠨ  ᠪᠠᠶᠢᠭᠤᠯᠵᠤ᠂ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ  ᠦᠢᠯᠡᠳᠦᠯᠭᠡᠵᠢᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 5 ᠤ ᠡᠳᠦᠷ᠂ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠡᠯᠢ ᠭᠤᠲᠤᠮᠵᠢ ᠶᠢᠨ ᠸᠠᠨ ᠶᠢᠨ ᠨᠡᠶᠢᠭᠡᠮ ᠲᠣᠭᠤᠷᠢᠭ ᠤᠨ ᠬᠢᠨ ︽ᠯᠸᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠸᠠᠨ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠤᠯᠠᠨ ᠰᠠᠯᠠᠭ᠎ᠠ ᠮᠥᠴᠢᠷ ᠪᠣᠯᠤᠨ  ᠨᠢᠭᠡᠴᠢ ᠶᠢᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠬᠦᠷᠭᠡᠪᠡ᠃ ᠠᠯᠪᠠᠨ ᠵᠢᠷᠤᠮ ᠤᠨ ᠡᠮᠴᠢᠯᠡᠭᠡᠨ ᠤ ᠣᠷᠣᠨ ᠳᠤ᠂ ᠬᠢᠲᠠᠳ ᠡᠮᠨᠡᠯᠭᠡ ᠶᠢᠨ ᠰᠠᠯᠠᠭᠠᠨ ᠤ ᠨᠠᠷᠠᠲᠤ ᠠᠬᠠᠮᠠᠳ ᠲᠤᠰᠬᠠᠶ ᠮᠡᠷᠭᠡᠵᠢᠯᠲᠡᠨ ᠦᠨ᠎ᠡ ᠲᠥᠯᠥᠪᠦᠷᠢ ᠥᠬᠡᠶ ᠪᠠᠷ ᠰᠤᠳᠠᠯ ᠪᠠᠷᠢᠵᠤ᠂ ᠴᠢᠰᠤᠨ ᠳᠠᠷᠤᠯᠲᠠ ᠶᠢ ᠬᠡᠮᠵᠢᠵᠦ᠂ ᠴᠢᠰᠤᠨ ᠰᠢᠬᠢᠷ ᠢ ᠬᠡᠮᠵᠢᠵᠦ᠂ ᠴᠢᠰᠤᠨ ᠳᠠᠷᠤᠯᠲᠠ ᠥᠨᠳᠥᠷ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠵᠢᠴᠢ ᠤᠳᠠᠭᠠᠨ ᠴᠢᠨᠠᠷᠲᠠᠶ ᠡᠪᠡᠳᠴᠢᠨ ᠤ ᠦᠨᠳᠦᠰᠦᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠪᠠᠶᠢᠳᠠᠯ ᠳᠤ ᠴᠢᠭᠯᠡᠭᠦᠯᠦᠨ ᠲᠡᠳᠡᠨ ᠳᠤ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠵᠦ᠂ ᠣᠯᠠᠨ ᠲᠦᠮᠡᠨ ᠳᠤ ᠬᠠᠮᠢᠶ᠎ᠠ ᠪᠥᠬᠦᠶ ᠡᠷᠡᠭᠦᠯ ᠮᠡᠨᠳᠦ ᠶᠢᠨ ᠮᠡᠳᠡᠯᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠩ ᠰᠠᠶᠢᠨ ᠣᠶᠢᠯᠠᠭᠠᠭᠤᠯᠤᠨ ᠡᠵᠡᠮᠰᠢᠭᠦᠯᠪᠡ᠃ ᠬᠠᠷᠢᠶᠠᠲᠤ ᠣᠷᠣᠨ ᠤ ᠠᠵᠢᠯᠲᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ︽ᠯᠸᠢ ᠹᠧᠩ ᠠᠴᠠ ᠰᠤᠷᠤᠯᠴᠠᠨ ᠦᠢᠯᠡᠳᠦᠯᠭᠡᠵᠢᠭᠦᠯᠵᠦ᠂ ᠠᠷᠢᠭᠤᠨ ᠴᠡᠪᠡᠷ ᠢᠶᠠᠷ ᠪᠣᠯᠪᠠᠰᠤᠨ ᠢ ᠠᠬᠢᠭᠤᠯᠬᠤ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠯᠠᠭ᠎ᠠ ᠪᠠᠷ ᠳᠠᠮᠵᠢᠭᠤᠯᠤᠨ ᠬᠠᠷᠢᠶᠠᠲᠤ ᠣᠷᠣᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠯᠡᠵᠦ᠂ ᠡᠭᠦᠨ ᠤ ᠬᠠᠮᠲᠤ ︽ᠬᠥᠬᠡᠬᠤᠲᠠ ᠶᠢᠨ ᠨᠣᠭᠤᠭᠠᠨ ᠬᠥᠷᠥᠰᠥ ᠶᠢ ᠬᠠᠮᠠᠭᠠᠯᠠᠬᠤ ᠲᠦᠷᠢᠮ︾ ︽ᠬᠥᠬᠡᠬᠤᠲᠠ ᠶᠢᠨ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ︾ ᠢ ᠤᠬᠠᠭᠤᠯᠵᠤ᠂ ᠴᠡᠴᠡᠷᠯᠢᠭ ᠤᠨ ᠮᠡᠷᠭᠡᠵᠢᠯᠲᠡᠨ ᠠᠴᠠ ᠡᠪᠡᠰᠦ ᠴᠡᠴᠡᠭ ᠢ ᠠᠷᠠᠴᠢᠯᠠᠨ ᠬᠠᠮᠠᠭᠠᠯᠠᠬᠤ ᠮᠡᠳᠡᠯᠭᠡ ᠶᠢ ᠵᠢᠭᠠᠵᠤ᠂ ᠬᠠᠷᠢᠶᠠᠲᠤ ᠣᠷᠣᠨ ᠤ ᠪᠠᠨ ᠰᠠᠶᠢᠨ ᠰᠠᠶᠢᠬᠠᠨ ᠣᠷᠴᠢᠨ ᠲᠣᠭᠤᠷᠢᠨ ᠵᠢᠴᠢ ᠪᠠᠶᠢᠭᠠᠯᠢ ᠶᠢᠨ ᠠᠮᠢ ᠠᠬᠤᠶ ᠶᠢ ᠬᠠᠮᠲᠤ ᠪᠠᠷ ᠬᠠᠮᠠᠭᠠᠯᠠᠪᠠ᠃
     ᠪᠣᠯᠪᠠᠰᠤᠨ ᠢᠶᠠᠷ ᠰᠦᠯᠵᠢᠶᠡᠨ ᠳᠤ ᠭᠠᠷᠬᠤ ᠪᠠ ᠰᠦᠯᠵᠢᠶᠡᠨ ᠤ ᠴᠤᠤᠷᠬᠠᠯ᠂ ᠰᠦᠯᠵᠢᠶᠡᠨ ᠤ ᠮᠡᠬᠡᠯᠡᠯ᠂ ᠰᠦᠯᠵᠢᠶᠡᠨ ᠤ ᠰᠢᠨᠤᠯ᠂ ᠰᠦᠯᠵᠢᠶᠡᠨ ᠤ ᠬᠤᠣᠷᠲᠤ ᠡᠳ᠋ ᠢ ᠰᠡᠷᠭᠡᠶᠢᠯᠡᠬᠦ ᠶᠢᠨ ᠲᠣᠭᠤᠷᠢᠨ ᠳᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠦᠢᠯᠡᠳᠦᠯᠴᠡᠯ ᠰᠣᠯᠢᠯᠴᠠᠭ᠎ᠠ ᠥᠷᠨᠢᠭᠦᠯᠵᠦ᠂ ︽ᠢᠳᠡᠭᠡᠨ ᠤ ᠠᠮᠤᠷ ᠲᠦᠪᠰᠢᠨ ᠤ ᠢᠵᠢᠯ ᠲᠥᠪᠲᠦ ᠲᠣᠭᠤᠷᠢᠭ︾ ᠭᠡᠬᠦ ᠭᠤᠣᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠦᠭᠡ ᠶᠠᠷᠢᠶ᠎ᠠ ᠦᠢᠯᠡ ᠠᠵᠢᠯᠯᠠᠭ᠎ᠠ᠂ ᠪᠣᠯᠪᠠᠰᠤᠨ ᠬᠡᠪ ᠰᠤᠷᠲᠠᠯ ᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠪᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠨ᠎ᠠ᠃ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠵᠣᠪᠠᠭᠤᠷᠢ ᠶᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠤᠬᠠᠭᠤᠯᠭ᠎ᠠ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠢᠯᠴᠢ ᠬᠠᠩᠭᠠᠬᠤ ᠠᠵᠤ ᠠᠬᠤᠶᠢᠯᠠᠯ ᠲᠠᠢ ᠬᠠᠮᠲᠤᠷᠠᠨ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠨᠢ ᠳᠡᠶᠢᠯᠵᠦ᠂ ᠡᠷᠦᠬᠡ ᠳᠤ ᠤᠷᠤᠵᠤ᠂ ᠢᠯᠴᠢ ᠬᠠᠩᠭᠠᠬᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠨᠤᠭᠤᠯᠤᠭᠠᠰᠤ ᠶᠢ ᠲᠠᠷᠬᠠᠭᠠᠵᠤ᠂ ᠨᠠᠩ ᠰᠠᠶᠢᠨ ᠨᠠᠩ ᠪᠦᠷᠢᠨ ᠲᠡᠭᠦᠯᠳᠡᠷ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠪᠠ᠃
     ᠲᠤᠰ ᠤᠳᠠᠭᠠᠨ ᠤ ᠠᠵᠢᠯᠯᠠᠭ᠎ᠠ ᠶᠢ ᠦᠷᠨᠢᠭᠦᠯᠦᠭᠰᠡᠨ ᠨᠢ ᠰᠠᠶᠢᠨ ᠳᠤᠷ᠎ᠠ ᠶᠢᠨ ᠦᠢᠯᠡᠴᠢᠯᠡᠭᠴᠢᠳ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠤᠨ ᠬᠢᠨ ᠣᠯᠠᠨ ᠶᠠᠩᠵᠤ ᠶᠢᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠠᠭᠠᠨ ᠠᠭᠤᠰᠬᠠᠨ ᠣᠷᠣᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠭᠤᠯᠵᠤ᠂ ᠣᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠰᠠᠭᠤᠭᠠᠯᠢ ᠠᠷᠠᠳ ᠲᠤ ᠵᠣᠯ ᠵᠢᠷᠭᠠᠯᠲᠤ ᠭᠡᠷ ᠣᠷᠣᠨ ᠢ ᠪᠤᠶ ᠪᠣᠯᠭᠠᠵᠤ ᠥᠭᠬᠦ ᠪᠠᠷ ᠴᠢᠷᠮᠠᠶᠢᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号