ᠪᠠᠭ᠎ᠠ ᠵᠣᠣ ᠡᠮᠦᠨ᠎ᠡ ᠵᠡᠭᠡᠯᠢ ᠶᠢᠨ ᠵᠡᠭᠡᠯᠢ ᠭᠤᠲᠤᠮᠵᠢ ᠶᠢᠨ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠵᠢᠴᠢ ︽ᠪᠣᠯᠪᠠᠰᠤᠨ ᠦᠢᠯᠡᠳᠦᠯᠭᠡ ᠳᠤ ᠪᠢ ᠪᠣᠯ ᠠᠵᠢᠯᠯᠠᠭᠴᠢ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/8
     2024 ᠣᠨ ᠤ 3 ᠳ᠋ᠤᠭᠠᠷ ᠰᠠᠷ᠎ᠠ ᠶᠢᠨ 5 ᠤ ᠡᠳᠦᠷ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠳ᠋ᠦᠩ ᠸᠠᠩ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠠᠢ ᠬᠠᠮᠲᠤᠷᠠᠨ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠰᠤᠭ ᠲᠤ ︽ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠵᠢᠴᠢ ︿ᠪᠣᠯᠪᠠᠰᠤᠨ ᠦᠢᠯᠡᠳᠦᠯᠭᠡ ᠳᠤ ᠪᠢ ᠪᠣᠯ ᠠᠵᠢᠯᠯᠠᠭᠴᠢ﹀ ᠭᠡᠬᠦ ᠯᠸᠢ ᠹᠧᠩ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠬᠤ ᠭᠤᠤᠯ ᠰᠡᠳᠦᠪᠲᠦ ᠠᠵᠢᠯᠯᠠᠭ᠎ᠠ︾ ᠥᠷᠨᠢᠭᠦᠯᠪᠡ᠃
     ᠲᠤᠬᠠᠶ ᠶᠢᠨ ᠲᠠᠯᠠᠪᠠᠶ ᠳᠤ᠂ ᠳ᠋ᠦᠩ ᠸᠠᠩ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠰᠢᠯᠦᠭ ᠤᠶᠠᠩᠭᠠᠯᠠᠬᠤ᠂ ᠪᠥᠵᠢᠭ ᠪᠦᠵᠢᠭᠯᠡᠬᠦ ᠵᠢᠴᠢ ᠲᠣᠭᠯᠠᠯᠲᠠ ᠶᠢᠨ ᠬᠡᠯᠪᠡᠷᠢ ᠪᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠯᠸᠢ ᠹᠧᠩ ᠤᠨ ᠵᠣᠷᠢᠭ ᠰᠠᠨᠠᠭᠠᠨ ᠤ ᠭᠤᠣᠯ ᠴᠥᠮ᠎ᠡ ᠶᠢ ᠭᠦᠢᠴᠡᠳ ᠳᠠᠮᠵᠢᠭᠤᠯᠵᠠᠶ᠂ ᠯᠸᠢ ᠹᠧᠩ ᠤᠨ ᠵᠣᠷᠢᠭ ᠰᠠᠨᠠᠭ᠎ᠠ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠤᠨ ᠨᠢᠭᠡ ᠵᠦᠢᠯ ᠤᠨ ᠬᠤᠷᠠᠮᠳᠤᠯ ᠮᠥᠨ᠂ ᠴᠠᠭ ᠦᠶ᠎ᠡ ᠶᠢᠨ ᠳᠠᠪᠰᠢᠯᠲᠠ ᠶᠢ ᠳᠠᠭᠠᠯᠳᠤᠨ ᠲᠠᠰᠤᠷᠠᠯᠲᠠ ᠦᠭᠡᠶ ᠬᠥᠭᠵᠢᠭᠰᠡᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠨᠢᠭᠡ ᠵᠦᠢᠯ ᠤᠨ ᠵᠣᠷᠢᠭ ᠰᠠᠨᠠᠭ᠎ᠠ ᠮᠥᠨ᠃ ᠰᠠᠭᠤᠭᠠᠯᠢ ᠠᠷᠠᠳ ᠲᠤᠰ ᠤᠳᠠᠭᠠᠨ ᠤ ᠠᠵᠢᠯᠯᠠᠭ᠎ᠠ ᠳᠤ ᠭᠦᠨ ᠨᠥᠯᠥᠭᠡᠯᠡᠭᠳᠡᠵᠦ᠂ ᠯᠸᠢ ᠹᠧᠩ ᠤᠨ ᠵᠣᠷᠢᠭ ᠰᠠᠨᠠᠭ᠎ᠠ ᠨᠢ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠱᠤᠷᠠᠭ ᠬᠠᠳᠠᠭᠠᠰᠤᠨ ᠤ ᠵᠣᠷᠢᠭ ᠰᠠᠨᠠᠭᠠᠨ ᠤ ᠭᠤᠣᠯ ᠴᠥᠮ᠎ᠡ ᠶᠢ ᠮᠡᠳᠡᠷᠡᠵᠦ᠂ ᠲᠤᠬᠠᠶ ᠶᠢᠨ ᠲᠠᠯᠠᠪᠠᠶ ᠶᠢᠨ ᠲᠣᠭᠯᠠᠯᠲᠠ ᠶᠢᠨ ᠠᠵᠢᠯᠯᠠᠭ᠎ᠠ ᠨᠢ ᠰᠠᠶᠢᠨ ᠢᠶᠠᠷ ᠪᠠᠷᠠᠬᠤ ᠦᠭᠡᠶ᠂ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠯᠸᠢ ᠹᠧᠩ ᠠᠴᠠ ᠰᠤᠷᠤᠯᠴᠠᠬᠤ ᠬᠡᠷᠡᠭᠲᠡᠶ ᠭᠡᠵᠦ ᠢᠯᠡᠷᠬᠡᠶᠢᠯᠡᠭᠰᠡᠨ ᠪᠠᠶᠢᠨ᠎ᠠ᠃
     ᠯᠧᠢ ᠹᠧᠩ ᠤᠨ ᠵᠣᠷᠢᠭ ᠰᠠᠨᠠᠭ᠎ᠠ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠤᠨ ᠨᠢᠭᠡ ᠵᠦᠢᠯ ᠤᠨ ᠬᠤᠷᠠᠮᠳᠤᠯ ᠮᠥᠨ᠂ ᠴᠠᠭ ᠦᠶ᠎ᠡ ᠶᠢᠨ ᠳᠠᠪᠰᠢᠯᠲᠠ ᠶᠢ ᠳᠠᠭᠠᠯᠳᠤᠨ ᠲᠠᠰᠤᠷᠠᠯᠲᠠ ᠦᠭᠡᠢ ᠬᠥᠭᠵᠢᠵᠦ ᠪᠠᠶᠢᠭ᠎ᠠ ᠴᠠᠭ ᠦᠶ᠎ᠡ ᠲᠠᠢ ᠵᠡᠷᠭᠡᠪᠡᠷ ᠤᠷᠤᠭᠰᠢᠯᠠᠭᠰᠠᠨ ᠨᠢᠭᠡ ᠵᠦᠢᠯ ᠤᠨ ᠵᠣᠷᠢᠭ ᠰᠠᠨᠠᠭ᠎ᠠ ᠮᠥᠨ᠃ ᠯᠧᠢ ᠹᠧᠩ ᠤᠨ ᠲᠡᠷᠡ ᠬᠦ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠬᠢᠵᠠᠭᠠᠷ ᠲᠠᠢ ᠠᠮᠢ ᠨᠠᠰᠤ ᠪᠠᠨ ᠠᠷᠠᠳ ᠲᠦᠮᠡᠨ ᠳᠤ ᠦᠢᠯᠡᠴᠢᠯᠡᠬᠦ ᠬᠢᠵᠠᠭᠠᠯᠠᠰᠢ ᠦᠭᠡᠢ ᠵᠣᠷᠢᠭᠤᠯᠬᠤ ᠵᠣᠷᠢᠭ ᠰᠠᠨᠠᠭ᠎ᠠ᠂ ᠲᠡᠷᠡ ᠬᠦ ᠠᠵᠢᠯ ᠬᠢᠪᠡᠯ ᠲᠡᠭᠦᠨ ᠢᠶᠠᠨ ᠬᠠᠶᠢᠷᠠᠯᠠᠵᠤ ᠲᠡᠭᠦᠨ ᠢᠶᠠᠨ ᠬᠥᠭᠡᠭᠡᠴᠡᠯᠳᠦᠬᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ᠂ ᠲᠡᠷᠡ ᠬᠦ ᠨᠥᠬᠦᠳ ᠲᠡᠭᠡᠨ᠂ ᠤᠯᠠᠨ ᠲᠦᠮᠡᠨ ᠳᠡᠭᠡᠨ ᠬᠠᠯᠠᠭᠤᠨ ᠳᠤᠯᠠᠭᠠᠨ ᠬᠠᠨᠳᠤᠬᠤ᠂ ᠪᠤᠰᠤᠳ ᠤᠨ ᠲᠥᠯᠥᠭᠡ ᠠᠮᠢ ᠪᠡᠶ᠎ᠡ ᠪᠠᠨ ᠴᠦᠯᠡᠬᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭ᠎ᠠ ᠶᠢ ᠴᠥᠮ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠡᠷᠬᠡᠪᠰᠢ ᠶᠡᠭᠡ ᠪᠠᠷ ᠪᠠᠳᠠᠷᠠᠭᠤᠯᠤᠨ ᠰᠠᠨᠠᠭᠠᠴᠢᠯᠠᠬᠤ ᠬᠡᠷᠡᠭᠲᠡᠶ ᠶᠤᠮ᠃ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢᠨ ᠬᠡᠯᠪᠡᠷᠢ ᠪᠠᠷ ᠯᠸᠢ ᠹᠧᠩ ᠢ ᠳᠤᠷᠠᠰᠬᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠤᠬᠠᠭᠤᠯᠤᠨ᠂ ᠲᠡᠷᠢᠭᠦᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃
     ᠳᠠᠷᠠᠭᠠᠴᠢ ᠶᠢᠨ ᠠᠯᠬᠤᠮ ᠳᠤ᠂ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠥᠷᠭᠡᠨ ᠤᠯᠠᠨ ᠰᠠᠭᠤᠭᠠᠯᠢ ᠠᠷᠠᠳ ᠲᠤ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠭᠰᠠᠨ ᠲᠡᠷᠢᠭᠦᠨ ᠤ ᠰᠣᠶᠣᠯ ᠢ ᠤᠬᠠᠭᠤᠯᠵᠤ᠂ ᠤᠯᠠᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠲᠠᠭᠠᠭᠴᠢ᠂ ᠪᠦᠳᠦᠭᠡᠨ ᠪᠠᠶᠢᠭᠤᠯᠤᠭᠴᠢ᠂ ᠲᠡᠮᠡᠴᠡᠭᠴᠢ ᠪᠣᠯᠭᠠᠬᠤ ᠪᠠᠷ ᠴᠢᠷᠮᠠᠶᠢᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号