ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/8
     ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠨᠡᠶᠢᠭᠡᠮ ᠲᠣᠭᠤᠷᠢᠭ ᠠᠴᠠ ᠥᠷᠭᠡᠨ ᠣᠯᠠᠨ ᠡᠮᠡᠭᠲᠡᠶᠢᠴᠦᠳ ᠢ ᠬᠠᠯᠠᠮᠵᠢᠯᠠᠵᠤ ᠪᠠᠶᠢᠭ᠎ᠠ ᠶᠢ ᠢᠯᠡᠷᠡᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 7 ᠤ ᠦᠳᠡ ᠶᠢᠨ ᠡᠮᠦᠨ᠎ᠡ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠠᠷ ᠤᠷᠠᠯᠠᠯ ᠨᠡᠭᠡᠵᠦ ᠰᠦᠯᠵᠢᠬᠦ ᠪᠠᠭᠰᠢ ᠶᠠᠩ ᡁᠢ ᠶᠠ ᠭᠠᠷ ᠤᠷᠠᠯᠠᠯ ᠨᠡᠭᠡᠵᠦ ᠰᠦᠯᠵᠢᠬᠦ ᠤᠷ᠎ᠠ ᠳᠡᠮ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠡᠳᠦᠨ ᠡᠮᠡᠭᠲᠡᠢ ᠨᠠᠶᠢᠵᠠ ᠶᠠᠩ ᠪᠠᠭᠰᠢ ᠶᠢᠨ ᠵᠢᠯᠤᠭᠤᠳᠤᠯᠭ᠎ᠠ ᠪᠠᠷ ᠨᠠᠷᠢᠯᠢᠭ ᠰᠠᠶᠢᠬᠠᠨ ᠳᠤᠮᠳᠠᠳᠤ ᠤᠯᠤᠰ ᠤᠨ ᠵᠠᠩᠭᠢᠶ᠎ᠠ ᠶᠢᠨ ᠪᠦᠲᠦᠭᠡᠯ ᠢ ᠠᠮᠵᠢᠯᠲᠠᠲᠠᠢ ᠪᠦᠲᠦᠭᠡᠵᠡᠢ᠃ ᠳᠤᠮᠳᠠᠳᠤ ᠤᠯᠤᠰ ᠤᠨ ᠵᠠᠩᠭᠢᠶ᠎ᠠ ᠨᠢ ᠪᠦᠯᠬᠦᠮᠳᠡᠯ ᠵᠣᠯ ᠵᠢᠷᠭᠠᠯ ᠠᠮᠤᠷ ᠠᠮᠤᠭᠤᠯᠠᠩ ᠢ ᠲᠥᠯᠥᠭᠡᠯᠡᠵᠦ ᠪᠠᠶᠢᠳᠠᠭ᠂ ᠡᠲᠡᠭᠡᠷ ᠲᠤᠬᠠᠶ ᠶᠢᠨ ᠲᠠᠯᠠᠪᠤᠷ ᠲᠤ ᠰᠦᠯᠵᠢᠭᠰᠡᠨ ᠳᠤᠮᠳᠠᠳᠤ ᠤᠯᠤᠰ ᠤᠨ ᠵᠠᠩᠭᠢᠶ᠎ᠠ ᠨᠢ ᠣᠨᠴᠠᠭᠠᠶ ᠡᠳᠦᠷ ᠤᠳ ᠲᠤ ᠬᠠᠯᠠᠭᠤᠨ ᠳᠣᠲᠣᠨᠣ ᠰᠠᠶᠢᠨ ᠰᠠᠶᠢᠬᠠᠨ ᠵᠥᠩᠨᠡᠯ ᠢ ᠳᠠᠮᠵᠢᠭᠤᠯᠵᠤ ᠪᠠᠶᠢᠳᠠᠭ᠃
     ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠤᠷ ᠲᠤ ᠪᠠᠰᠠ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠵᠦ᠂ ᠡᠮᠡᠭᠲᠡᠶ ᠨᠠᠶᠢᠵᠠ ᠨᠠᠷ ᠤᠨ ᠬᠠᠯᠠᠭᠤᠨ ᠬᠦᠷᠢᠶᠡᠯᠡᠯ ᠢ ᠣᠯᠵᠠᠶ᠃ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠢᠨ ᠹᠦ᠋ ᠵᠢᠶ ᠡᠮᠡᠭᠡ ᠴᠠᠭᠠᠰᠤᠨ ᠬᠠᠶᠢᠴᠢᠯᠠᠮᠠᠯ ᠤᠨ ᠨᠠᠷᠢᠨ ᠵᠦᠢᠯᠡᠰ ᠪᠠ ᠠᠩᠬᠠᠷᠬᠤ ᠵᠦᠢᠯᠡᠰ ᠢ ᠬᠠᠯᠠᠭᠤᠨ ᠢᠶᠠᠷ ᠲᠠᠶᠢᠯᠪᠤᠷᠢᠯᠠᠪᠠ᠃ ᠶᠢᠨ ᠡᠮᠡᠭᠡ᠄ ︽ᠠᠳᠡ ᠬᠤᠷᠢᠭᠠᠳ ᠵᠢᠯ ᠰᠠᠭᠤᠵᠠᠢ᠂ ᠶᠠᠮᠠᠷ ᠪᠠᠶᠠᠷ ᠤᠨ ᠡᠳᠦᠷ ᠢ ᠴᠦ ᠭᠡᠰᠡᠨ ᠨᠡᠶᠢᠭᠡᠮ ᠲᠣᠭᠤᠷᠢᠭ ᠠᠴᠠ ᠪᠢᠳᠡᠨ ᠳᠤ ᠦᠩᠭᠡᠷᠡᠭᠦᠯᠳᠡᠭ᠂ ᠠᠮᠢᠳᠤᠷᠠᠯ ᠤᠨ ᠣᠷᠴᠢᠨ ᠲᠣᠭᠤᠷᠢᠨ ᠴᠤ ᠤᠯᠠᠮ ᠠᠴᠠ ᠤᠯᠠᠮ ᠰᠠᠶᠢᠵᠢᠷᠠᠵᠤ᠂ ᠨᠠᠰᠤᠲᠠᠶᠢᠴᠤᠳ ᠡᠨᠡ ᠬᠦ ᠬᠤᠷᠢᠶᠠᠯᠠᠯ ᠳᠤ ᠮᠠᠰᠢ ᠵᠣᠯ ᠵᠢᠷᠭᠠᠯ ᠲᠠᠢ ᠠᠮᠢᠳᠤᠷᠠᠵᠤ ᠪᠠᠶᠢᠨ᠎ᠠ᠂ ᠤᠳᠠᠭ᠎ᠠ ᠪᠦᠷᠢ ᠠᠵᠢᠯᠯᠠᠭ᠎ᠠ ᠲᠠᠢ ᠪᠣᠯ ᠤᠯᠠᠨ ᠢᠶᠠᠷ ᠢᠶᠠᠨ ᠬᠠᠮᠲᠤ ᠪᠠᠷ ᠣᠷᠣᠯᠴᠠᠪᠠᠯ᠂ ᠰᠣᠶᠣᠯ ᠤᠨ ᠠᠮᠢᠳᠤᠷᠠᠯ ᠨᠡᠩ ᠪᠠᠶᠠᠯᠢᠭᠵᠢᠨ᠎ᠠ︾ ᠭᠡᠵᠦ ᠬᠡᠯᠡᠪᠡ᠃
     ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠡᠮᠡᠭᠲᠡᠶᠢᠴᠦᠳ ᠤᠨ ᠵᠣᠯ ᠵᠢᠷᠭᠠᠯᠲᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠡᠮᠡᠭᠲᠡᠶᠢᠴᠦᠳ ᠤᠨ ᠢᠳᠡᠪᠬᠢ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ ᠬᠤᠶᠢᠰᠢᠳᠠ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠡᠮᠡᠭᠲᠡᠶᠢᠴᠦᠳ ᠢ ᠳᠠᠭᠠᠭᠤᠯᠤᠨ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠢᠦᠢ ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号